ᠮᠠᠨ ᠤ ᠤᠷᠤᠨ 10 ᠵᠦᠢᠯ ᠤᠨ ᠠᠷᠭ᠎ᠠ ᠬᠡᠮᠵᠢᠶ᠎ᠡ ᠠᠪᠴᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨᠡᠷᠡᠭᠦᠯ ᠮᠡᠨᠳᠦ ᠶᠢᠨ ᠬᠦᠮᠦᠵᠢᠯ ᠢ ᠴᠢᠩᠭᠠᠳᠬᠠᠬᠤ ᠪᠠᠷ ᠪᠤᠢ
  
2023/6/30
        ᠣᠳᠣᠬᠠᠨ ᠤ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠬᠠᠨᠳᠤᠯᠭᠠᠲᠤᠴᠢᠨᠠᠷ ᠪᠠ ᠦᠷ᠎ᠡ ᠪᠦᠲᠦᠮᠵᠢᠲᠦ ᠴᠢᠨᠠᠷ ᠢ ᠤᠯᠠᠮ ᠴᠢᠨᠠᠭᠰᠢᠳᠠ ᠲᠡᠬᠡᠭᠰᠢᠯᠡᠬᠦᠯᠬᠦ ᠶᠢᠨ ᠲᠦᠯᠦᠬᠡ ᠥᠪᠡᠷᠲᠡᠭᠡᠨ ᠵᠠᠰᠠᠬᠤᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 10 ᠪᠤᠳᠠᠳᠠᠢ ᠠᠷᠭ᠎ᠠ ᠬᠡᠮᠵᠢᠶ᠎ᠡ ᠨᠡᠶᠢᠲᠡᠯᠡᠵᠦ᠂ ᠳᠤᠮᠳᠠᠳᠤ ᠪᠠᠭ᠎ᠠᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠪᠠ᠃         ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠠᠰ ᠬᠤᠪᠢᠶᠠᠬᠤᠠᠵᠢᠯ ᠤᠨ ᠳᠤᠭᠳᠠᠴᠠ ᠶᠢ ᠪᠠᠶᠢᠭᠤᠯᠤᠨ᠎ᠠ᠃ ᠡᠯ᠎ᠡ ᠠᠶᠢᠮᠠᠭ ᠬᠤᠲᠠ ᠳᠤ ᠰᠡᠳᠬᠢᠴᠡ ᠶᠢᠨ ᠬᠠᠪᠰᠤᠷᠤᠨ ᠵᠢᠯᠤᠭᠤᠳᠬᠤᠥᠷᠲᠡᠭᠡ ᠶᠢ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠰᠡᠳᠬᠢᠴᠡ ᠶᠢᠨ ᠬᠠᠪᠰᠤᠷᠤᠨ ᠵᠢᠯᠤᠭᠤᠳᠬᠤᠲᠥᠪ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠬᠥᠮᠦᠵᠢᠯ ᠬᠢᠭᠡᠳ ᠯᠠᠪᠯᠠᠭ᠎ᠠ ᠶᠢᠨ ᠪᠠᠶᠢᠭᠤᠯᠤᠮᠵᠢᠪᠠᠶᠢᠭᠤᠯᠵᠤ᠂ ᠲᠠᠰ ᠬᠤᠪᠢᠶᠠᠭᠰᠠᠨ ᠠᠵᠢᠯ ᠤᠨ ᠲᠣᠭᠲᠠᠴᠠ ᠶᠢ ᠪᠦᠷᠢᠯᠳᠦᠬᠦᠯᠦᠨ᠎ᠡ᠃ ᠬᠤᠶᠠᠷ ᠲᠤ᠂ ᠳᠤᠮᠳᠠᠳᠤ ᠪᠠᠭ᠎ᠠᠰᠤᠷᠭᠠᠭᠤᠯᠢ ᠶᠢᠨ ᠰᠤᠷᠤᠭᠴᠢᠳ ᠤᠨ ᠬᠥᠭᠵᠢᠯᠲᠡ ᠶᠢᠨ ᠵᠢᠯᠤᠭᠤᠳᠬᠤ ᠲᠥᠪ ᠢ ᠵᠢᠷᠤᠮᠵᠢᠭᠤᠯᠤᠨ ᠪᠠᠶᠢᠭᠤᠯᠤᠨ᠎ᠠ᠃ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠡᠰ ᠤᠨ ᠰᠡᠳᠬᠢᠴᠡ ᠶᠢᠨ ᠬᠥᠮᠦᠵᠢᠯ ᠬᠢᠭᠡᠳ ᠵᠥᠪᠯᠡᠯᠭᠡ ᠥᠭᠬᠦ ᠪᠠᠶᠢᠭᠤᠯᠤᠮᠵᠢ ᠶᠢ 《ᠰᠤᠷᠤᠭᠴᠢᠳ ᠤᠨ ᠬᠥᠭᠵᠢᠯᠲᠡ ᠶᠢ ᠵᠢᠯᠤᠭᠤᠳᠬᠤ ᠲᠥᠪ》 ᠭᠡᠵᠦ ᠲᠣᠳᠣᠷᠬᠠᠶᠢᠯᠠᠬᠤ ᠶᠢᠨ ᠬᠠᠮᠲᠤᠱᠠᠭᠠᠷᠳᠠᠯᠭ᠎ᠠ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠰᠡᠳᠬᠢᠴᠡ ᠶᠢᠨ ᠬᠥᠮᠦᠵᠢᠯ ᠬᠢᠭᠡᠳ ᠵᠥᠪᠯᠡᠯᠭᠡ ᠥᠭᠬᠦᠵᠡᠷᠭᠡ ᠠᠵᠢᠯ ᠢ ᠥᠷᠨᠢᠭᠦᠯᠦᠨ᠎ᠡ᠃ ᠭᠤᠷᠪᠠ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨᠴᠠᠭ ᠢ ᠲᠣᠳᠣᠷᠬᠠᠶᠢᠯᠠᠨ᠎ᠠ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ 《ᠬᠤᠣᠰ ᠭᠠᠷᠠᠭ ᠲᠤ 1 ᠬᠢᠴᠢᠶᠡᠯ ᠤᠨ ᠴᠠᠭ》 ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ᠂ ᠠᠩᠭᠢ ᠪᠦᠯᠬᠦᠮ ᠤᠨᠠᠵᠢᠯᠯᠠᠭ᠎ᠠ᠂ ᠣᠷᠣᠨ ᠨᠤᠲᠤᠭ ᠪᠠ ᠰᠤᠷᠭᠠᠭᠤᠯᠢ ᠶᠢᠨ ᠥᠪᠡᠷ ᠤᠨ ᠬᠢᠴᠢᠶᠡᠯ᠂ ᠶᠡᠷᠦᠩᠬᠡᠶᠢᠯᠡᠭᠰᠡᠨ ᠦᠢᠯᠡᠳᠦᠯᠭᠡ ᠶᠢᠨᠠᠵᠢᠯᠯᠠᠭ᠎ᠠ ᠶᠢᠨ ᠬᠢᠴᠢᠶᠡᠯ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠬᠢᠴᠢᠶᠡᠯ ᠤᠨ ᠴᠠᠭ ᠢᠨᠠᠶᠢᠳᠠᠪᠤᠷᠢᠵᠢᠭᠤᠯᠤᠨ᠎ᠠ᠃ ᠲᠦᠷᠪᠡ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡ ᠶᠢᠪᠦᠷᠢᠨ ᠭᠦᠢᠴᠡᠳ ᠴᠢᠩᠭ᠎ᠠ ᠲᠣᠬᠢᠷᠠᠭᠤᠯᠤᠨ᠎ᠠ᠃ ᠲᠠᠪᠤ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨᠪᠣᠯᠪᠠᠰᠤᠷᠠᠯ ᠢ ᠦᠷᠭᠦᠯᠵᠢᠯᠡᠨ ᠰᠠᠶᠢᠲᠤᠷ ᠬᠢᠨ᠎ᠡ᠃ ᠵᠢᠷᠭᠤᠭ᠎ᠠ ᠳᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨᠬᠢᠮᠤᠷᠠᠯ ᠢ ᠤᠷᠢᠳᠴᠢᠯᠠᠨ ᠰᠡᠷᠭᠡᠶᠢᠯᠡᠬᠦ ᠪᠠ ᠭᠠᠷ ᠲᠦᠷᠦᠭᠦ ᠰᠢᠯᠵᠢᠭᠦᠯᠦᠨ ᠲᠠᠨᠢᠯᠴᠠᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳᠵᠢᠯ ᠪᠦᠷᠢ ᠨᠢᠭᠡ ᠤᠳᠠᠭ᠎ᠠ ᠪᠦᠬᠦᠨ ᠢ ᠬᠠᠮᠤᠷᠤᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠰᠢᠯᠭᠠᠨ ᠦᠨᠡᠯᠡᠯᠲᠡ ᠶᠢᠵᠣᠬᠢᠶᠠᠨ ᠪᠠᠶᠢᠭᠤᠯᠤᠨ᠎ᠠ᠃ ᠲᠤᠯᠤᠭ᠎ᠠ ᠳᠤ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨᠳᠤᠮᠳᠠᠳᠤ ᠪᠠᠭ᠎ᠠ ᠰᠤᠷᠭᠠᠭᠤᠯᠢ ᠶᠢ ᠳᠡᠮᠵᠢᠬᠦ ᠳᠤᠭᠳᠠᠴᠠ ᠶᠢ ᠪᠠᠶᠢᠭᠤᠯᠤᠨ᠎ᠠ᠃ 15 ᠣᠶᠤᠲᠠᠳ ᠤᠨ ᠰᠡᠳᠬᠢᠴᠡ ᠶᠢᠨᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠲᠥᠪ ᠲᠤ ᠲᠦᠰᠢᠭᠯᠡᠨ 12 ᠠᠶᠢᠮᠠᠭ ᠬᠤᠲᠠ ᠪᠠ 2ᠲᠥᠯᠥᠪᠯᠡᠭᠡᠲᠦ ᠳᠤᠰᠠᠭᠠᠷ ᠵᠢᠭᠰᠠᠭᠠᠭᠰᠠᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ ᠠᠵᠢᠯ ᠲᠥᠷᠥᠯ ᠤᠨᠰᠢᠰᠲ᠋ᠧᠮ ᠢᠶᠠᠷ ᠳ᠋ᠡᠮᠵᠢᠵᠦ᠂ ᠪᠠᠭᠰᠢ ᠶᠢᠨ ᠡᠩᠨᠡᠭᠡ ᠶᠢᠨ ᠪᠣᠯᠪᠠᠰᠤᠷᠠᠯ᠂ ᠲᠣᠨᠤᠭ ᠲᠥᠬᠦᠭᠡᠷᠦᠮᠵᠢ ᠶᠢᠨ ᠡᠬᠢ ᠪᠠᠶᠠᠯᠢᠭ ᠤᠨᠪᠠᠶᠢᠭᠤᠯᠤᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠵᠡᠷᠭᠡ ᠲᠠᠯ᠎ᠠ ᠪᠠᠷ ᠡᠬᠢ ᠪᠠᠶᠠᠯᠢᠭ ᠤᠨ ᠬᠠᠷᠢᠯᠴᠠᠨᠨᠡᠪᠲᠡᠷᠡᠯᠴᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠨᠠᠢᠮᠠ ᠳᠤ᠂ ᠰᠡᠳᠬᠢᠴᠡ ᠶᠢᠨ ᠡᠷᠡᠭᠦᠯᠮᠡᠨᠳᠦ ᠶᠢᠨ ᠬᠥᠮᠦᠵᠢᠯ ᠤᠨ ᠣᠨᠴᠠᠯᠢᠭᠲᠤ ᠰᠤᠷᠭᠠᠭᠤᠯᠢ ᠪᠠ ᠨᠡᠷᠡᠳᠦ ᠪᠠᠭᠰᠢ ᠶᠢᠨ ᠠᠵᠢᠯᠯᠠᠬᠤ ᠲᠠᠰᠤᠭ ᠤᠨᠪᠠᠶᠢᠭᠤᠯᠤᠯᠲᠠ ᠶᠢᠨ ᠠᠵᠢᠯ ᠢ ᠦᠷᠨᠢᠬᠦᠯᠦᠨ᠎ᠡ᠃ ᠵᠢᠰᠦ ᠳᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤᠷᠠᠯᠴᠠᠭᠠᠨ ᠤᠠᠵᠢᠯ ᠤᠨ ᠲᠣᠭᠲᠠᠴᠠ ᠶᠢ ᠢᠳᠡᠪᠬᠢᠲᠡᠢ ᠪᠠᠶᠢᠭᠤᠯᠤᠨ᠎ᠠ᠃ ᠰᠤᠷᠭᠠᠭᠤᠯᠢ ᠶᠢᠨ ᠬᠢᠨ ᠭᠡᠷ ᠤᠨ ᠰᠣᠷᠪᠤᠯᠵᠢᠯᠠᠭ᠎ᠠ ᠶᠢᠨᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠷ ᠤᠨ ᠠᠬᠠᠮᠠᠳ ᠤᠨ ᠰᠤᠷᠭᠠᠭᠤᠯᠢ ᠡᠷᠭᠢᠯᠡᠵᠦ᠂ ᠭᠡᠷ ᠤᠨᠠᠬᠠᠮᠠᠳ ᠲᠤ ᠴᠢᠭᠯᠡᠭᠦᠯᠦᠭᠰᠡᠨ ᠲᠤᠰᠬᠠᠢ ᠰᠡᠳᠦᠪᠲᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢᠲᠦᠭᠡᠮᠡᠯᠵᠢᠭᠦᠯᠬᠦ ᠬᠢᠴᠢᠶᠡᠯ ᠢ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠨᠠᠭᠠᠲᠤ ᠵᠠᠬ᠎ᠠ ᠳᠠᠭᠠᠨ ᠨᠢᠭᠡ ᠤᠳᠠᠭ᠎ᠠᠦᠷᠨᠢᠬᠦᠯᠦᠨ᠎ᠡ᠃ ᠠᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠳᠡᠮᠵᠢᠯᠭᠡ ᠶᠢ ᠦᠷᠭᠦᠯᠵᠢᠯᠡᠨᠴᠢᠩᠭᠠᠳᠬᠠᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠬᠢᠨᠠᠨ ᠵᠢᠯᠤᠭᠤᠳᠴᠤ ᠦᠨᠡᠯᠡᠨᠵᠢᠱᠢᠬᠦ ᠰᠢᠰᠲ᠋ᠧᠮ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠤ ᠬᠢᠨᠠᠨ ᠰᠢᠯᠭᠠᠨ᠎ᠠ᠃      
  ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ