| | 6 ᠰᠠᠷ᠎ᠠ ᠶᠢᠨ 26 ᠤ ᠡᠳᠦᠷ᠂ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢᠸᠠᠩ ᠱᠦ ᠭᠤᠸᠠᠩ ᠰᠢᠨ᠎ᠡ ᠪᠠᠷᠭᠤ ᠵᠡᠭᠦᠨ | ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ | ᠬᠠᠮᠠᠭᠠᠯᠠᠬᠤ᠂ 《ᠬᠠᠮᠤᠭ ᠤᠨ ᠬᠦᠴᠦᠷᠬᠡᠭ ᠨᠠᠮ ᠤᠨ ᠡᠭᠦᠷ》 ᠤᠨ | ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ | ᠱᠠᠯᠠᠪᠳᠠᠭᠤᠯᠤᠨᠵᠢᠯᠤᠭᠤᠳᠬᠤ ᠶᠢᠨ ᠬᠠᠮᠲᠤ ᠳᠠᠭᠠᠭᠠᠴᠢᠯᠠᠨ | ᠬᠠᠷᠢᠯᠴᠠᠬᠤ ᠠᠵᠢᠯ ᠤᠨ ᠰᠠᠭᠤᠳᠠᠯ ᠤᠨ ᠬᠤᠷᠠᠯ ᠳᠤ | ᠣᠷᠣᠯᠴᠠᠪᠠ᠃ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤᠨᠠᠷᠢᠨ ᠪᠢᠴᠢᠭ ᠤᠨ ᠳᠠᠷᠤᠭ᠎ᠠ ᠯᠢ ᠹᠧᠩ ᠬᠤᠸᠠ | ᠪᠣᠯᠣᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ | ᠣᠷᠣᠯᠴᠠᠪᠠ᠃ | ᠸᠠᠩ ᠱᠦ ᠭᠤᠸᠠᠩ᠂ ᠰᠢᠨ᠎ᠡ ᠪᠠᠷᠭᠤ ᠵᠡᠭᠦᠨ ᠬᠤᠰᠢᠭᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠦᠷ᠎ᠡ ᠪᠦᠲᠦᠭᠡᠯ ᠢᠪᠠᠬᠢᠵᠢᠭᠦᠯᠦᠨ ᠥᠷᠭᠡᠳᠬᠡᠬᠦ | ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ | ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ | ᠦᠢᠯᠡᠰ ᠢ ᠬᠥᠭᠵᠢᠭᠦᠯᠵᠦ᠂ ᠮᠠᠯ ᠠᠵᠤ ᠠᠬᠤᠢ ᠶᠢᠨ | ᠦᠢᠯᠡᠳᠪᠦᠷᠢᠯᠡᠯᠡᠵᠡᠩᠨᠡᠯᠲᠡ ᠶᠢᠨ ᠬᠡᠪᠴᠢᠶᠡᠵᠢᠭᠰᠡᠨ᠂ | ᠪᠠᠷᠢᠮᠵᠢᠶᠠᠵᠢᠭᠰᠠᠨ᠂ ᠡᠷᠴᠢᠮᠵᠢᠭᠰᠡᠨ ᠴᠢᠭᠯᠡᠯ ᠲᠡᠰᠢ | ᠬᠥᠭᠵᠢᠬᠦ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠭᠤᠣᠯ ᠰᠢᠵᠢᠮ ᠤᠨ ᠲᠤᠭᠤᠷᠢᠨ ᠳᠤ᠂ | ᠦᠨᠳᠦᠰᠦᠲᠡᠨ ᠤ ᠠᠵᠢᠯ ᠤᠨ ᠲᠣᠭᠲᠠᠴᠠ ᠶᠢᠨ | ᠰᠢᠨ᠎ᠡ ᠶᠢᠡᠭᠦᠳᠴᠦ᠂ ᠲᠡᠷᠢᠭᠦᠨ ᠤ ᠲᠤᠷᠰᠢᠯᠭ᠎ᠠ ᠠᠷᠭ᠎ᠠ | ᠬᠢᠳᠡᠯ ᠢ ᠡᠮᠬᠢᠯᠡᠨ ᠳ᠋ᠦᠩᠨᠡᠵᠦ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠶᠡᠭᠡ ᠲᠠᠯ᠎ᠠ ᠶᠢ | ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠵᠠᠬᠢᠳᠠᠯ | ᠰᠤᠷᠪᠤᠯᠵᠢᠯᠠᠯ ᠤᠨ ᠠᠵᠢᠯ ᠢ ᠠᠯᠬᠤᠮ ᠴᠢᠨᠠᠭᠰᠢᠳᠠ ᠰᠠᠶᠢᠲᠤᠷ | ᠬᠢᠵᠦ᠂ ᠤᠯᠠᠨ ᠲᠦᠮᠡᠨ ᠤ ᠵᠦᠢ ᠶᠣᠰᠣᠨ ᠤ | ᠬᠦᠰᠡᠯᠱᠠᠭᠠᠷᠳᠠᠯᠭᠠ ᠶᠢ ᠦᠨᠡᠨ ᠰᠡᠳᠬᠢᠯ ᠠᠴᠠ ᠪᠠᠨ | ᠰᠢᠢᠳᠪᠦᠷᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠨ ᠵᠠᠬᠢᠳᠠᠯ | ᠰᠤᠷᠪᠤᠯᠵᠢᠯᠠᠯ ᠤᠨᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠲᠣᠭᠲᠠᠭᠤᠨ ᠪᠥᠭᠡᠳᠡᠷᠡᠭᠦᠯ ᠢᠶᠠᠷ ᠦᠷᠬᠦᠯᠵᠢᠯᠡᠬᠦᠶᠢᠴᠡ | ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | | | | | |