ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ
  
2023/6/30
          6 ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ᠃         ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠷᠦᠩ ᠤᠨ ᠨᠠᠶᠢᠳᠠᠯᠭ᠎ᠠ ᠪᠠᠷ᠂ ᠳᠡᠳ᠋ᠡᠷᠬᠢᠯᠡᠭᠴᠢ ᠴᠢ ᠳ᠋ᠢᠶᠠᠨ ᠯᠢ ᠬᠤᠷᠠᠯ ᠡᠷᠭᠢᠯᠡᠪᠡ᠃         ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠠᠢ᠃           ᠬᠤᠷᠠᠯ ᠠᠴᠠ 《ᠬᠥᠯᠥᠨ ᠪᠤᠶᠢᠷ ᠬᠤᠳᠠ ᠶᠢᠨ ᠬᠠᠶᠢᠯᠠᠷ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠬᠠᠶᠢᠯᠠᠷ ᠨᠠᠷᠠᠰᠤ ᠶᠢ ᠬᠠᠮᠠᠭᠠᠯᠠᠬᠤ ᠳᠦᠷᠢᠮ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ 》 ᠢ ᠬᠢᠨᠠᠨ ᠵᠥᠪᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨᠬᠤᠷᠢᠶ᠎ᠠ ᠶᠢᠨ ᠪᠦᠬᠦ ᠬᠤᠲᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠪᠯᠡᠷᠡᠬᠦᠯᠵᠦ ᠡᠷᠴᠢᠮᠵᠢᠭᠦᠯᠦᠨ ᠬᠦᠭᠵᠢᠬᠦᠯᠬᠦᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠬᠤᠲᠠ ᠶᠢᠨ ᠵᠠᠰᠠᠭ ᠤᠨ ᠣᠷᠳᠣᠨ ᠤ ᠪᠦᠬᠦ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠬᠤᠲᠠ ᠶᠢᠨ ᠰᠢᠭᠦᠬᠦ ᠬᠤᠷᠢᠶ᠎ᠠ ᠶᠢᠨ ᠠᠷᠠᠳ ᠤᠨ ᠰᠢᠭᠦᠬᠦ ᠲᠢᠩᠬᠢᠮ ᠤᠨ ᠠᠵᠢᠯ ᠢᠥᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠵᠡᠷᠭᠡ ᠵᠦᠢᠯᠡᠰ ᠢ ᠰᠣᠨᠣᠰᠴᠤ ᠬᠢᠨᠠᠨ ᠵᠥᠪᠯᠡᠪᠡ᠃ 《ᠬᠥᠯᠥᠨ ᠪᠤᠶᠢᠷ ᠬᠤᠲᠠ ᠶᠢᠨ ᠬᠠᠶᠢᠯᠠᠷ ᠤᠯᠤᠰ ᠤᠨ ᠣᠶᠰᠢᠭᠤᠢ ᠶᠢᠨ ᠴᠡᠴᠡᠷᠯᠢᠭ ᠤᠨ ᠬᠠᠶᠢᠯᠠᠷ ᠨᠠᠷᠠᠰᠤ ᠶᠢ ᠬᠠᠮᠠᠭᠠᠯᠠᠬᠤ ᠳᠦᠷᠢᠮ  ᠲᠥᠰᠥᠯ ᠤᠨ ᠪᠠᠲᠤᠯᠠᠬᠤ ᠨᠣᠣᠷᠠᠭ 》᠂ 2023 ᠣᠨ ᠤ ᠬᠤᠲᠠ ᠶᠢᠨ ᠲᠣᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠵᠥᠪᠰᠢᠶᠡᠷᠡᠬᠦ ᠲᠤᠬᠠᠢ ᠰᠢᠢᠳᠪᠦᠷᠢ᠂ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠵᠢᠴᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠪᠠᠭᠤᠯᠭᠠᠬᠤ ᠵᠦᠢᠯᠡᠰ ᠢ ᠪᠠᠲᠤᠯᠠᠪᠠ᠃         ᠬᠤᠷᠠᠯ ᠳᠡᠭᠡᠷ᠎ᠡ᠂ ᠬᠡᠰᠡᠭ ᠬᠤᠳᠠ ᠶᠢᠨ ᠬᠠᠷᠢᠶ᠎ᠠ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨᠲᠥᠯᠥᠭᠡᠯᠡᠭᠴᠢ ᠡᠴᠡ ᠲᠤᠰᠢᠶᠠᠯ ᠤᠨ ᠮᠡᠳᠡᠭᠦᠯᠦᠯᠲᠡ ᠬᠢᠬᠦ ᠶᠢᠨ ᠬᠠᠮᠲᠤ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢᠰᠢᠯᠭᠠᠨ ᠦᠨᠡᠯᠡᠪᠡ᠃  
  ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ