| | | | 7 ᠳ᠋ᠤᠭᠠᠷ ᠰᠠᠷ᠎ᠠ ᠶᠢᠨ 10 ᠤ ᠣᠷᠣᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ | ᠬᠤᠭᠤᠴᠠᠭᠠᠨ ᠤ ᠣᠶᠤᠲᠠᠳ ᠤᠨᠪᠡᠶ᠎ᠡ ᠶᠢᠨ ᠲᠠᠮᠢᠷ ᠤᠨ | ᠴᠤᠭᠯᠠᠭᠠᠨ ᠥᠪᠥᠷ ᠮᠣᠩᠭᠤᠯ ᠤᠨ ᠡᠳ᠋ ᠤᠨ ᠵᠠᠰᠠᠭ ᠠᠵᠤ | ᠠᠬᠤᠢ ᠶᠢᠨ ᠶᠡᠭᠡ ᠰᠤᠷᠭᠠᠭᠤᠯᠢ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ | ᠰᠢᠶᠠᠨ ᠬᠤᠸᠠ ᠴᠤᠭᠯᠠᠭᠠᠨ ᠡᠬᠢᠯᠡᠭᠰᠡᠨ ᠢ ᠵᠠᠷᠯᠠᠵᠤ᠂ | ᠥᠪᠡᠷᠲᠡᠭᠡᠨ ᠵᠠᠰᠠᠬᠤ ᠣᠷᠣᠨ ᠤ ᠤᠯᠤᠰᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ | ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠴᠤᠭᠯᠠᠭᠠᠨ | ᠡᠬᠢᠯᠡᠬᠦ ᠦᠭᠡ ᠬᠡᠯᠡᠪᠡ᠃ | ᠲᠣᠰ ᠬᠤᠭᠤᠴᠠᠭᠠᠨ ᠤ ᠣᠶᠤᠲᠠᠳ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠪᠡᠶ᠎ᠡ ᠶᠢᠨ ᠲᠠᠮᠢᠷ ᠤᠨ | ᠲᠣᠪᠴᠢᠶ᠎ᠠ᠂ ᠡᠪᠯᠡᠯ ᠤᠨ ᠬᠤᠷᠢᠶ᠎ᠠ ᠠᠴᠠ ᠭᠤᠣᠯᠴᠢᠯᠠᠨ | ᠡᠷᠭᠢᠯᠡᠵᠦ᠂ ᠥᠪᠥᠷ ᠮᠣᠩᠭᠤᠯ ᠤᠨ ᠡᠳ᠋ ᠤᠨ ᠵᠠᠰᠠᠭ ᠠᠵᠤ | ᠠᠬᠤᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠭᠢᠯᠡᠵᠦ᠂ | ᠬᠥᠯ ᠪᠥᠮᠪᠦᠭᠡ᠂ ᠬᠦᠨᠳᠦ ᠬᠥᠩᠭᠡᠨ ᠲᠠᠮᠢᠷ᠂ ᠫᠢᠩᠫᠠᠩ ᠪᠥᠮᠪᠦᠭᠡ᠂ | ᠦᠱᠦ ᠵᠡᠷᠭᠡ ᠨᠡᠶᠢᠲᠡ 10 ᠶᠡᠭᠡ ᠲᠥᠷᠥᠯ᠂ 216 ᠪᠠᠭ᠎ᠠ ᠲᠥᠷᠥᠯ | ᠲᠣᠬᠢᠷᠠᠭᠤᠯᠵᠤ᠂ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ | ᠳᠤᠭᠤᠶᠢᠯᠠᠩ᠂ ᠵᠢᠩᠬᠢᠨᠢ ᠠᠩᠭᠢ ᠶᠢᠨ ᠰᠤᠷᠭᠠᠭᠤᠯᠢ ᠶᠢᠨ | ᠬᠦᠷᠢᠶᠡᠨ ᠤ ᠳᠤᠭᠤᠶᠢᠯᠠᠩ᠂ᠳᠡᠭᠡᠳᠦ ᠵᠡᠷᠭᠡ ᠶᠢᠨ ᠠᠵᠢᠯ | ᠮᠡᠷᠭᠡᠵᠢᠯ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠪᠠ ᠳᠡᠭᠡᠳᠦ | ᠵᠡᠷᠭᠡ ᠶᠢᠨᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠤᠨ ᠠᠩᠭᠢ ᠶᠢᠨ ᠰᠤᠷᠭᠠᠭᠤᠯᠢ ᠶᠢᠨ ᠬᠦᠷᠢᠶᠡᠨ ᠤ | ᠳᠤᠭᠤᠶᠢᠯᠠᠩ ᠵᠡᠷᠭᠡ 4 ᠳᠤᠭᠤᠶᠢᠯᠠᠩ ᠬᠤᠪᠢᠶᠠᠪᠠ᠃ | ᠪᠥᠬᠦ ᠣᠷᠣᠨ ᠤ 52 ᠶᠡᠭᠡ ᠳᠡᠭᠡᠳᠦ ᠰᠤᠷᠭᠠᠭᠤᠯᠢ ᠶᠢᠨ | ᠲᠥᠯᠥᠭᠡᠯᠡᠭᠴᠢᠳ ᠤᠨ ᠠᠩᠭᠢ ᠶᠢᠨ 10000 ᠭᠠᠷᠤᠢ ᠪᠠᠭᠰᠢ ᠣᠶᠤᠲᠠᠨ | ᠤᠷᠤᠯᠳᠤᠭᠠᠨ ᠳᠤ ᠣᠷᠣᠯᠴᠠᠵᠤ᠂ ᠮᠠᠨ ᠤ ᠣᠷᠣᠨ ᠤ | ᠬᠡᠪᠴᠢᠶ᠎ᠡ ᠪᠠᠷ ᠬᠠᠮᠤᠭ ᠤᠨ ᠶᠡᠭᠡ ᠨᠢᠭᠡ ᠬᠤᠭᠤᠴᠠᠭᠠᠨ ᠤ | ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠭᠰᠠᠨ | ᠪᠠᠶᠢᠨ᠎ᠠ᠃ | | | |