| | ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ | ᠮᠡᠳᠡᠯᠭᠡ ᠶᠢ ᠤᠯᠠᠮᠵᠢᠯᠠᠵᠤ᠂ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠱᠧᠩ ᠯᠢ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠶᠢᠯᠠᠷ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠵᠢᠴᠢ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶᠠᠨ ᠤ ᠲᠣᠭᠤᠷᠢᠨ ᠲᠠᠶᠢᠯᠪᠤᠷᠢᠯᠠᠬᠤ ᠪᠦᠯᠬᠦᠮ ᠤᠨ | ᠲᠤᠰᠬᠠᠶ ᠮᠡᠷᠭᠡᠵᠢᠯᠲᠡᠨ ᠲᠠᠢ ᠬᠠᠮᠲᠤᠷᠠᠨ ᠪᠠᠶᠢᠭᠤᠯᠭ᠎ᠠ᠂ | ᠨᠡᠶᠢᠭᠡᠮ ᠲᠣᠭᠤᠷᠢᠭ᠂ ᠬᠡᠷ ᠪᠦᠯᠢ ᠶᠢᠨ ᠡᠷᠡᠭᠦᠯ ᠮᠡᠨᠳᠦ ᠶᠢᠨ | ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠪᠠᠶᠢᠭᠤᠯᠤᠯᠭ᠎ᠠ ᠶᠢᠨ ᠠᠵᠢᠯᠲᠠᠨ ᠠᠵᠢᠯᠴᠢᠨ᠂ ᠨᠡᠶᠢᠭᠡᠮ | ᠲᠣᠭᠤᠷᠢᠭ ᠤᠨ ᠺᠠᠳ᠋ᠷ ᠪᠣᠯᠤᠨ ᠡᠷᠡᠭᠦᠯ ᠡᠩᠬᠡ ᠭᠡᠷ ᠪᠦᠯᠢ᠂ | ᠬᠠᠷᠢᠶᠠᠲᠤ ᠣᠷᠣᠨ ᠤ ᠰᠠᠭᠤᠭᠠᠯᠢ ᠠᠷᠠᠳ ᠣᠷᠣᠯᠴᠠᠨ᠎ᠠ᠃ | ᠪᠣᠯᠪᠠᠰᠤᠷᠠᠯ ᠳᠤᠮᠳᠠ᠂ ᠲᠣᠭᠤᠷᠢᠨ ᠲᠠᠶᠢᠯᠪᠤᠷᠢᠯᠠᠬᠤ | ᠪᠦᠯᠬᠦᠮ ᠤᠨ ᠲᠤᠰᠬᠠᠶ ᠮᠡᠷᠭᠡᠵᠢᠯᠲᠡᠨ 《ᠬᠠᠯᠳᠠᠪᠤᠷᠢᠲᠤ | ᠲᠠᠭᠰᠢᠭᠤᠷ ᠢ ᠤᠷᠢᠳᠴᠢᠯᠠᠨ ᠰᠡᠷᠭᠡᠶᠢᠯᠡᠬᠦ ᠪᠠ ᠡᠮᠨᠡᠨ | ᠵᠠᠰᠠᠬᠤ ᠠᠷᠭ᠎ᠠ》᠂ 《ᠬᠤᠸᠠᠩ ᠳ᠋ᠢ ᠳᠣᠲᠣᠭᠠᠳᠤ ᠰᠤᠳᠠᠯ》᠂ ᠬᠢᠲᠠᠳ | ᠡᠮᠨᠡᠯᠭᠡ ᠶᠢᠨ ᠪᠡᠶ᠎ᠡ ᠰᠤᠪᠢᠯᠠᠯᠲᠠ᠂ ᠵᠢᠷᠦᠬᠡ ᠠᠭᠤᠰᠬᠢᠨ ᠤ | ᠰᠡᠷᠭᠦᠯᠲᠡ ᠶᠢᠨ ᠵᠥᠪ ᠠᠯᠬᠤᠮ ᠳᠠᠷᠠᠭ᠎ᠠ ᠵᠢᠴᠢ ᠠᠩᠬᠠᠷᠬᠤ | ᠵᠦᠢᠯᠡᠰ ᠤᠨ ᠲᠤᠬᠠᠶ ᠭᠦᠢᠬᠡᠨ ᠶᠠᠷᠢᠭᠰᠠᠨ ᠪᠥᠭᠡᠳ ᠲᠤᠬᠠᠶ ᠶᠢᠨ | ᠲᠠᠯᠠᠪᠤᠷ ᠲᠤ ᠰᠠᠭᠤᠭᠠᠯᠢ ᠠᠷᠠᠳ ᠤᠨ ᠰᠤᠳᠠᠯ ᠪᠠᠷᠢᠬᠤ ᠪᠠ ᠡᠮ | ᠬᠡᠷᠡᠭᠯᠡᠬᠦ ᠲᠤᠬᠠᠶ ᠵᠢᠯᠣᠭᠤᠳᠣᠯᠭ᠎ᠠ ᠬᠢᠵᠦ᠂ ᠡᠷᠡᠭᠦᠯ | ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ | ᠵᠢᠴᠢ ᠡᠪᠦᠯ ᠤᠨ ᠡᠪᠡᠳᠴᠢᠨ᠂ ᠵᠤᠨ ᠭᠤᠷᠪᠠᠨ ᠹᠦ ᠶᠢᠨ ᠡᠪᠡᠳᠴᠢᠨ | ᠥᠬᠡᠶ ᠪᠠᠶᠢᠬᠤ ᠶᠢ ᠵᠠᠰᠠᠬᠤ ᠡᠷᠡᠭᠦᠯ ᠮᠡᠨᠳᠦ ᠶᠢᠨ | ᠵᠢᠯᠣᠭᠤᠳᠣᠯᠭ᠎ᠠ ᠲᠠᠷᠬᠠᠭᠠᠪᠠ᠃ | ᠲᠣᠰ ᠤᠳᠠᠭᠠᠨ ᠤ ᠡᠷᠡᠭᠦᠯ ᠮᠡᠨᠳᠦ ᠶᠢᠨ ᠲᠣᠭᠤᠷᠢᠨ | ᠲᠠᠶᠢᠯᠪᠤᠷᠢᠯᠠᠬᠤ ᠠᠵᠢᠯᠯᠠᠭ᠎ᠠ ᠨᠢ ᠡᠷᠡᠭᠦᠯ ᠮᠡᠨᠳᠦ ᠶᠢᠨ | ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ | ᠺᠠᠳ᠋ᠷ ᠠᠵᠢᠯᠲᠠᠨ ᠠᠵᠢᠯᠴᠢᠨ᠂ ᠬᠠᠷᠢᠶ᠎ᠠ ᠣᠷᠣᠨ ᠤ ᠰᠠᠭᠤᠭᠠᠯᠢ | ᠠᠷᠠᠳ ᠤᠨ ᠡᠪᠡᠳᠴᠢᠨ ᠡᠮᠭᠡᠭ ᠤᠨ ᠲᠤᠬᠠᠶ ᠲᠠᠨᠢᠯᠲᠠ ᠶᠢ | ᠭᠦᠨᠵᠡᠭᠡᠶᠢᠷᠡᠭᠦᠯᠦᠨ ᠂ ᠬᠠᠷᠢᠶᠠᠲᠤ ᠣᠷᠣᠨ ᠤ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠤᠨ ᠠᠵᠢᠯ ᠢ ᠠᠬᠢᠭᠤᠯᠬᠤ ᠳᠤ | ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ | ᠣᠯᠤᠭᠰᠠᠨ ᠪᠠᠶᠢᠨ᠎ᠠ᠃ | | | |