ᠺᠤᠤ ᠱᠠᠨ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠤᠰᠤᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠠᠮᠤᠷ ᠲᠦᠪᠰᠢᠨ ᠤ ᠦᠶᠡᠷ ᠤᠨ ᠬᠤᠭᠤᠴᠠᠭ᠎ᠠ ᠶᠢ ᠦᠨᠡᠨᠬᠦ ᠪᠠᠲᠤᠯᠠᠪᠠ
  
2023/7/17
         ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠴᠠᠭ ᠠᠭᠤᠷ ᠤᠨ ᠬᠤᠷᠢᠶ᠎ᠠ ᠰᠢᠷᠦᠭᠦᠨ ᠪᠣᠷᠣᠭᠠᠨ ᠤ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠵᠦ᠂ ᠬᠤᠲᠠ ᠶᠢᠨ ᠤᠰᠤᠲᠤᠯ ᠤᠨ ᠳᠠᠯᠳᠠ ᠬᠡᠮ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ ᠰᠡᠷᠭᠡᠶᠢᠯᠡᠨ ᠵᠠᠰᠠᠬᠤ ᠶᠢᠨ ᠲᠥᠯᠥᠭᠡ᠂ ᠶᠡᠭᠡ ᠪᠣᠷᠣᠭᠠᠨ ᠤ ᠳᠠᠭᠠᠷᠢᠯᠲᠠ ᠠᠴᠠ ᠪᠣᠯᠵᠣ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠬᠤ ᠠᠴᠠ ᠵᠠᠶᠢᠯᠠᠰᠬᠢᠵᠦ᠂ ᠺᠣᠣ ᠱᠠᠨ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠺᠤᠤ ᠱᠠᠨ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ᠂ ᠲᠡᠷᠡ ᠳᠠᠷᠤᠶ ᠳᠤᠨᠢ ᠠᠵᠢᠯᠲᠠᠳ ᠢᠶᠠᠨ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ  ᠪᠠᠶᠢᠰᠢᠩ ᠬᠡᠷ᠂ ᠠᠰᠠᠷ ᠪᠠᠶᠢᠰᠢᠩ᠂ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ᠳᠤ ᠦᠶᠡᠷ ᠤᠰᠤᠲᠤᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ᠬᠠᠷᠢᠶᠠᠲᠤ ᠣᠷᠣᠨ ᠤ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃       ᠨᠡᠶᠢᠭᠡᠮ ᠲᠣᠭᠤᠷᠢᠭ ᠤᠨ ᠠᠵᠢᠯᠲᠠᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠨ ᠦᠢᠯᠡᠳᠦᠯᠭᠡ ᠶᠢᠨ ᠥᠷᠲᠡᠭᠡᠨ ᠤ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤ᠂ ᠬᠠᠷᠢᠶ᠎ᠠ ᠣᠷᠣᠨ ᠤ ᠪᠠᠨ ᠡᠯ᠎ᠡ ᠪᠠᠭ᠎ᠠ ᠲᠣᠭᠤᠷᠢᠭ ᠤᠨ ᠡᠩᠬᠡ ᠲᠠᠶᠢᠪᠤᠩ ᠭᠡᠷ ᠲᠣᠭᠤᠷᠢᠭ ᠲᠤ ᠳᠣᠲᠣᠭᠠᠳᠤ ᠤᠰᠤᠲᠤᠯ ᠪᠠᠶᠢᠬᠤ ᠡᠰᠡᠬᠦ᠂ ᠪᠠᠶᠢᠰᠢᠩ ᠭᠡᠷ ᠳᠣᠲᠣᠷ᠎ᠠ ᠤᠰᠤ ᠬᠤᠷᠠᠵᠤ ᠪᠠᠶᠢᠬᠤ ᠡᠰᠡᠬᠦ᠂ ᠵᠡᠭᠡᠯᠢ ᠶᠢᠨ ᠬᠠᠵᠠᠭᠤ ᠶᠢᠨ ᠴᠠᠬᠢᠯᠭᠠᠨ ᠪᠠᠭᠠᠨ᠎ᠠ ᠶᠢᠨ ᠴᠠᠬᠢᠯᠭᠠᠨ ᠤᠲᠠᠰᠤ ᠨᠢ ᠴᠠᠬᠢᠯᠭᠠᠨ ᠭᠤᠭᠤᠵᠢᠵᠤ ᠪᠠᠶᠢᠬᠤ ᠡᠰᠡᠬᠦ ᠵᠡᠷᠭᠡ ᠪᠠᠶᠢᠳᠠᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢᠨ ᠬᠠᠮᠲᠤ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠬᠦ ᠬᠡᠷᠡᠭᠲᠡᠶ᠃ ᠵᠢᠭᠰᠠᠭᠠᠨ ᠪᠠᠶᠢᠴᠠᠭᠠᠬᠤ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠡᠯ᠎ᠡ ᠵᠢᠵᠢᠭ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠳᠤ ᠵᠢᠵᠢᠭ ᠲᠣᠭᠤᠷᠢᠭ ᠤᠨ ᠴᠠᠭᠠᠨ ᠥᠩᠭᠡᠲᠦ ᠬᠤᠭ ᠨᠣᠪᠰᠢ ᠶᠢ ᠱᠠᠯᠠᠪᠳᠠᠨ ᠴᠡᠪᠡᠷᠯᠡᠵᠦ᠂ ᠰᠠᠭᠠᠳ ᠥᠬᠡᠶ ᠪᠥᠭᠯᠡᠷᠡᠵᠦ ᠪᠠᠶᠢᠭ᠎ᠠ ᠪᠣᠬᠢᠷ ᠤᠰᠤᠨ ᠤ ᠠᠮᠠᠰᠠᠷ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠶᠢᠨ ᠬᠠᠮᠲᠤ ᠰᠠᠭᠤᠭᠠᠯᠢ ᠠᠷᠠᠳ᠂ ᠬᠤᠳᠠᠯᠳᠤᠭᠠᠴᠢᠨ ᠡᠷᠦᠬᠡ ᠳᠤ ᠦᠶᠡᠷ ᠤᠨ ᠬᠤᠭᠤᠴᠠᠭᠠᠨ ᠳᠤ ᠴᠠᠬᠢᠯᠭᠠᠨ ᠬᠡᠢ ᠬᠡᠷᠡᠭᠯᠡᠬᠦ ᠭᠠᠯ ᠤᠨ ᠠᠮᠤᠷ ᠲᠦᠪᠰᠢᠨ ᠢ ᠠᠩᠬᠠᠷᠴᠤ᠂ ᠰᠠᠨᠠᠭᠠᠨ ᠳᠤ ᠥᠬᠡᠶ ᠭᠠᠷᠬᠤ ᠶᠢ ᠰᠡᠷᠭᠡᠶᠢᠯᠡᠬᠦ ᠬᠡᠷᠡᠭᠲᠡᠶ ᠭᠡᠵᠦ ᠬᠡᠯᠡᠵᠦ ᠥᠭᠪᠡ᠃       ᠺᠣᠤ ᠱᠠᠨ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠶᠡᠷ ᠤᠨ ᠬᠤᠭᠤᠴᠠᠭᠠᠨ ᠳᠤ ᠠᠶᠤᠯ ᠲᠦᠭᠰᠢᠭᠦᠷᠢ ᠶᠢᠨ ᠭᠡᠮ ᠰᠣᠭᠤᠭ ᠢ ᠲᠥᠪᠯᠡᠷᠡᠭᠦᠯᠦᠨ ᠪᠠᠶᠢᠴᠠᠭᠠᠬᠤ ᠠᠵᠢᠯ ᠢ ᠬᠢᠬᠦ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠬᠤᠳᠠᠯᠳᠤᠭᠠᠨ ᠤ ᠡᠷᠦᠬᠡ ᠳᠤ ᠬᠠᠨᠳᠤᠭᠤᠯᠤᠨ ᠦᠶᠡᠷ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠦᠶᠡᠷ ᠢ ᠰᠡᠷᠭᠡᠶᠢᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃    
  ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ