| | ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ | ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠠᠪᠤᠷᠠᠨ | ᠲᠤᠰᠠᠯᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠺᠤᠤ ᠱᠠᠨ | ᠵᠡᠭᠡᠯᠢ ᠭᠤᠳᠤᠮᠵᠢ ᠶᠢᠨ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠣᠯᠤᠨ ᠬᠡᠷᠡᠭ | ᠡᠷᠬᠢᠯᠡᠬᠦ ᠭᠠᠵᠠᠷ ᠤᠨ ᠤᠷᠢᠶᠠᠯᠠᠭ᠎ᠠ ᠶᠢ ᠳᠠᠭᠠᠵᠤ᠂ ᠢᠮᠢᠨ | ᠭᠤᠣᠯ ᠤᠨ ᠲᠦᠰᠢᠬᠦ ᠬᠡᠰᠡᠭ ᠲᠤ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠳᠤ ᠣᠷᠣᠯᠴᠠᠵᠤ᠂ 《ᠰᠣᠷᠢᠯᠲᠠ》 ᠪᠠᠷ ᠪᠡᠯᠡᠳᠬᠡᠯ | ᠬᠢᠵᠦ᠂ ᠵᠠᠩᠭᠢᠯᠠᠭ᠎ᠠ ᠶᠢᠨ ᠦᠶ᠎ᠡ ᠳᠤ ︽ᠲᠠᠲᠠᠵᠤ ᠳᠡᠶᠢᠯᠬᠦ᠂ | ᠭᠠᠷᠴᠤ ᠳᠡᠶᠢᠯᠬᠦ᠂ ᠪᠠᠶᠢᠯᠳᠤᠵᠤ ᠳᠡᠶᠢᠯᠬᠦ ᠶᠢ ᠦᠨᠡᠨᠬᠦ | ᠪᠠᠲᠤᠯᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ | ᠤᠷᠢᠶᠠᠯᠠᠪᠠ᠃ | ᠰᠣᠷᠢᠯᠲᠠ ᠨᠢ ᠦᠷᠭᠦᠯᠵᠢᠯᠡᠨ ᠰᠢᠷᠦᠭᠦᠨ ᠪᠣᠷᠣᠭᠠᠨ | ᠣᠷᠣᠵᠤ᠂ ᠢᠮᠢᠨ ᠭᠤᠤᠯ ᠤᠨ ᠤᠰᠤᠨ ᠲᠦᠪᠰᠢᠨ ᠦᠳᠲᠡᠷ ᠲᠦᠷᠭᠡᠨ | ᠳᠡᠭᠡᠭᠰᠢᠯᠡᠵᠦ᠂ ᠣᠯᠠᠨ ᠲᠦᠮᠡᠨ ᠤ ᠠᠮᠢ ᠨᠠᠰᠤ ᠡᠳ᠋ | ᠬᠥᠷᠥᠩᠭᠡ ᠳᠤ ᠰᠦᠷᠳᠡᠭᠦᠯᠦᠯ ᠪᠣᠯᠤᠭᠰᠠᠨ ᠵᠡᠷᠭᠡ | ᠪᠠᠶᠢᠳᠠᠯ ᠳᠤ ᠪᠣᠷᠣᠭᠠᠨ ᠤ ᠪᠠᠶᠢᠳᠠᠯ ᠤᠨ ᠮᠡᠳᠡᠭᠡᠯᠡᠯ ᠢ | ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠳᠠᠷᠤᠶ ᠲᠦᠷᠭᠡᠨ ᠡᠬᠢᠯᠡᠭᠦᠯᠵᠦ᠂ ᠡᠷᠦᠬᠡ ᠶᠢᠨ ᠴᠡᠷᠢᠭ ᠤᠨ | ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ᠂ ᠠᠶᠤᠯ ᠠᠴᠠ | ᠠᠪᠤᠷᠠᠬᠤ ᠠᠩᠭᠢ᠂ ᠠᠮᠤᠷ ᠢ ᠬᠠᠮᠠᠭᠠᠯᠠᠬᠤ ᠳᠤᠭᠤᠶᠢᠯᠠᠩ᠂ | ᠲᠠᠷᠬᠠᠭᠠᠬᠤ ᠳᠤᠭᠤᠶᠢᠯᠠᠩ ᠵᠡᠷᠭᠡ ᠬᠥᠮᠦᠰ ᠪᠠᠴᠢᠮ | ᠴᠤᠭᠯᠠᠷᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠭᠡᠵᠦ᠂ ᠨᠢᠭᠲᠠ ᠬᠠᠮᠵᠢᠯᠴᠠᠨ᠂ ᠠᠶᠤᠯ ᠭᠠᠮᠰᠢᠭ ᠠᠴᠠ | ᠠᠪᠤᠷᠠᠬᠤ ᠠᠵᠢᠯ ᠢ ᠳᠠᠷᠤᠶ ᠲᠦᠷᠭᠡᠨ ᠥᠷᠨᠢᠭᠦᠯᠵᠦ᠂ ᠣᠯᠠᠨ | ᠲᠦᠮᠡᠨ ᠢ ᠠᠮᠵᠢᠯᠲᠠ ᠲᠠᠢ ᠪᠠᠷ ᠰᠢᠯᠵᠢᠭᠦᠯᠦᠨ | ᠲᠥᠪᠬᠢᠨᠡᠭᠦᠯᠪᠡ᠃ ᠲᠣᠰ ᠤᠳᠠᠭᠠᠨ ᠤ ᠰᠣᠷᠢᠯᠲᠠ ᠪᠠᠷ ᠳᠡᠮᠵᠢᠨ᠂ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠺᠠᠳ᠋ᠷ | ᠠᠵᠢᠯᠲᠠᠨ ᠠᠵᠢᠯᠴᠢᠨ ᠤ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠪᠣᠳᠠᠲᠤ ᠪᠠᠶᠢᠯᠳᠤᠭᠠᠨ ᠤ ᠬᠢᠷᠢ ᠲᠦᠪᠰᠢᠨ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠦᠶᠡᠷ ᠤᠨ | ᠬᠤᠭᠤᠴᠠᠭᠠᠨ ᠤ ᠦᠶᠡᠷ ᠢ ᠰᠡᠷᠭᠡᠶᠢᠯᠡᠵᠦ ᠠᠶᠤᠯ ᠠᠴᠠ | ᠠᠪᠤᠷᠠᠵᠤ ᠭᠠᠮᠰᠢᠭ ᠠᠴᠠ ᠠᠪᠤᠷᠠᠬᠤ ᠠᠵᠢᠯ ᠳᠤ ᠡᠷᠬᠢᠮ ᠨᠠᠨᠳᠢᠨ | ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠺᠣᠣ ᠱᠠᠨ ᠵᠡᠭᠡᠯᠢ ᠶᠢᠨ | ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠦᠷᠳᠡᠭᠡ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ ᠶᠢ ᠪᠠᠷᠢᠮᠲᠠᠯᠠᠵᠤ᠂ ᠰᠠᠨᠠᠭᠠᠰᠢᠷᠠᠨ | ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠰᠡᠷᠭᠡᠶᠢᠯᠡᠬᠦ | ᠠᠪᠤᠷᠠᠬᠤ ᠶᠢ ᠤᠶᠠᠯᠳᠤᠭᠤᠯᠵᠤ᠂ ᠦᠶᠡᠷ ᠤᠨ ᠬᠤᠭᠤᠴᠠᠭᠠᠨ ᠤ | ᠭᠡᠮ ᠰᠣᠭᠤᠭ ᠢ ᠪᠠᠶᠢᠴᠠᠭᠠᠬᠤ ᠠᠵᠢᠯ ᠢ ᠴᠢᠩᠭᠠᠳᠬᠠᠵᠤ᠂ 《ᠴᠠᠭ | ᠢᠮᠠᠭᠲᠠ ᠰᠠᠨᠠᠭ᠎ᠠ ᠠᠮᠤᠷ ᠦᠭᠡᠢ》 ᠬᠠᠷᠢᠭᠤᠴᠠᠯᠭᠠᠲᠤ | ᠰᠡᠳᠬᠢᠯᠭᠡ ᠪᠠᠷ ᠦᠶᠡᠷ ᠢ ᠰᠡᠷᠭᠡᠶᠢᠯᠡᠬᠦ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ 《ᠪᠤᠯᠤᠳ ᠬᠡᠷᠡᠮ ᠲᠡᠮᠦᠷ ᠬᠠᠨ᠎ᠠ》 ᠶᠢ | ᠪᠠᠶᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ | ᠪᠠᠲᠤᠯᠠᠨ᠎ᠠ᠃ | | |