ᠬᠥᠯᠥᠨ ᠵᠡᠭᠡᠯᠢ ᠭᠤᠳᠤᠮᠵᠢ ᠶᠢᠨ ᠯᠢᠦᠶ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠰᠢᠷᠠᠯᠵᠢ ᠡᠪᠡᠰᠦ ᠠᠷᠢᠯᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
  
2023/7/17
         ᠰᠢᠷᠠᠯᠵᠢ ᠡᠪᠡᠰᠦ ᠠᠷᠢᠯᠭᠠᠬᠤ ᠠᠵᠢᠯᠯᠠᠭ᠎ᠠ ᠥᠷᠨᠢᠭᠦᠯᠬᠦ ᠲᠤᠬᠠᠢ ᠬᠠᠶᠢᠯᠠᠷ ᠲᠣᠭᠤᠷᠢᠭ ᠤᠨ ᠵᠠᠰᠠᠭ ᠤᠨ ᠣᠷᠳᠣᠨ ᠤ ᠤᠷᠢᠶᠠᠯᠠᠭ᠎ᠠ ᠶᠢ ᠳᠠᠭᠠᠵᠤ᠂ ᠰᠠᠭᠤᠭᠠᠯᠢ ᠠᠷᠠᠳ ᠢ ᠬᠠᠪᠰᠤᠷᠤᠨ ᠬᠠᠷᠰᠢᠮᠠᠲᠠᠭᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠬᠥᠯᠥᠨ ᠵᠡᠭᠡᠯᠢ ᠭᠤᠳᠤᠮᠵᠢ ᠶᠢᠨ ᠯᠢᠦᠢ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ  ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠠᠷᠢᠯᠴᠠᠬᠤ ᠨᠢᠭᠡᠴᠡ᠂ ᠬᠠᠷᠢᠶᠠᠲᠤ ᠣᠷᠣᠨ ᠤ ᠨᠠᠮ ᠤᠨ  ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃       ᠰᠠᠶᠢᠨ ᠳᠤᠷ᠎ᠠ ᠶᠢᠨ ᠠᠵᠢᠯᠯᠠᠭᠴᠢᠳ ᠠᠵᠢᠯ ᠬᠤᠪᠢᠶᠠᠷᠢᠯᠠᠨ ᠬᠠᠮᠵᠢᠯᠴᠠᠵᠤ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠵᠠᠷᠢᠮ ᠨᠢ ᠰᠢᠷᠠᠯᠵᠢ ᠡᠪᠡᠰᠦ ᠶᠢ ᠠᠷᠢᠯᠭᠠᠵᠤ᠂ ᠵᠠᠷᠢᠮ ᠨᠢ ᠰᠢᠷᠠᠯᠵᠢ ᠡᠪᠡᠰᠦ ᠶᠢ ᠴᠡᠪᠡᠷᠯᠡᠵᠦ᠂ ᠪᠠᠰᠠ ᠵᠠᠷᠢᠮ ᠨᠢ ᠡᠪᠡᠰᠦᠨ ᠣᠪᠣᠭ᠎ᠠ ᠶᠢ ᠴᠡᠪᠡᠷᠯᠡᠵᠦ ᠪᠠᠶᠢᠨ᠎ᠠ᠃ ᠲᠡᠳᠡ ᠬᠠᠳᠤᠭᠤᠷ ᠵᠦᠰᠦᠵᠦ᠂ ᠬᠤᠶᠠᠷ ᠭᠠᠷ ᠢᠶᠠᠷ ᠢᠶᠠᠨ ᠭᠠᠷᠳᠠᠨ᠂ ᠲᠣᠭᠲᠠᠭᠰᠠᠨ ᠭᠠᠵᠠᠷ ᠲᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠨᠴᠥᠭ ᠪᠤᠯᠤᠩ ᠪᠤᠯᠭᠠᠨ ᠢ ᠴᠡᠪᠡᠷᠯᠡᠨ ᠠᠷᠢᠯᠭᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠨᠢᠭᠡᠪᠦᠷᠢ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠪᠠ᠃       ᠲᠣᠰ ᠤᠳᠠᠭᠠᠨ ᠤ ᠠᠵᠢᠯᠯᠠᠭ᠎ᠠ ᠨᠢ ᠪᠥᠬᠦ ᠺᠠᠳ᠋ᠷ ᠠᠵᠢᠯᠲᠠᠨ ᠠᠵᠢᠯᠴᠢᠨ ᠤ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠬᠦᠴᠦᠲᠡᠶ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠳᠠᠲᠠᠶ ᠦᠢᠯᠡᠳᠦᠯᠭᠡ ᠳᠤ ᠦᠨᠡᠨ ᠬᠦ ᠨᠠᠶᠢᠳᠠᠪᠤᠷᠢᠵᠢᠭᠤᠯᠵᠤ᠂ ᠨᠠᠩ ᠥᠷᠭᠡᠨ ᠣᠯᠠᠨ ᠰᠠᠭᠤᠭᠠᠯᠢ ᠠᠷᠠᠳ ᠪᠣᠬᠢᠷᠲᠤᠯ ᠥᠬᠡᠶ᠂ ᠲᠠᠭᠠᠯᠠᠮᠵᠢᠲᠠᠶ᠂ ᠭᠤᠶᠣ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ᠂ ᠥᠷᠭᠡᠨ ᠣᠯᠠᠨ ᠲᠦᠮᠡᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠬᠠᠨᠤᠮᠵᠢᠲᠠᠶ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠣᠯᠭᠤᠪᠠ᠃         
  ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ