| | 7 ᠰᠠᠷ᠎ᠠ ᠶᠢᠨ 6 ᠤ ᠡᠳᠦᠷ ᠠᠴᠠ 10 ᠤ ᠡᠳᠦᠷ ᠪᠣᠯᠲᠠᠯ᠎ᠠ᠂ | ᠬᠠᠶᠢᠯᠠᠷ ᠤᠨ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ | ᠣᠷᠣᠰ ᠮᠣᠩᠭᠤᠯ ᠤᠨ ᠠᠵᠤ ᠠᠬᠤᠶ ᠠᠷᠠᠯᠵᠢᠶᠠᠨ ᠤ ᠵᠥᠪᠳᠡᠯᠴᠡᠭᠡ | ᠵᠢᠴᠢ ᠦᠵᠡᠰᠬᠦᠯᠡᠩ ᠬᠤᠳᠠᠯᠳᠤᠭ᠎ᠠ ᠦᠪᠡᠳᠡᠭᠰᠢ ᠶᠡᠭᠡ ᠪᠠᠷ | ᠶᠠᠪᠤᠭᠳᠠᠵᠤ᠂ ᠬᠠᠭ ᠪᠠᠯᠭᠠᠰᠤ ᠲᠣᠰ ᠬᠤᠭᠤᠴᠠᠭᠠᠨ ᠤ | ᠦᠵᠡᠰᠬᠦᠯᠡᠩ ᠬᠤᠳᠠᠯᠳᠤᠭ᠎ᠠ ᠳᠡᠭᠡᠷ᠎ᠡ ᠡᠯᠪᠡᠭ ᠪᠠᠶᠠᠯᠢᠭ ᠦᠷ᠎ᠡ | ᠪᠦᠲᠦᠭᠡᠯ ᠤᠯᠪᠠ᠃ | ᠦᠵᠡᠰᠬᠦᠯᠡᠩ ᠬᠤᠳᠠᠯᠳᠤᠭ᠎ᠠ ᠳᠡᠭᠡᠷ᠎ᠡ᠂ ᠵᠢᠵᠢᠭ | ᠮᠠᠯᠴᠢᠨ ᠤ ᠦᠬᠡᠷ ᠤᠨ ᠮᠢᠬᠠᠨ ᠤ ᠪᠦᠲᠦᠭᠡᠭᠳᠡᠬᠦᠨ᠂ ᠰᠢᠣᠢ | ᠭᠡᠭᠡ ᠵᠢᠭᠦᠷᠲᠡᠨ ᠤ ᠥᠨᠳᠡᠭᠡ᠂ ᠬᠠᠭ ᠴᠠᠰᠤᠲᠤ ᠪᠣᠭᠤᠷᠰᠤᠭ᠂ ᠬᠠᠭ | ᠬᠠᠷ᠎ᠠ ᠠᠷᠢᠬᠢ ᠵᠡᠷᠭᠡ ᠳᠥᠷᠪᠡᠨ ᠶᠡᠭᠡ ᠲᠥᠷᠥᠯ ᠤᠨ 30 ᠭᠠᠷᠤᠶ | ᠵᠦᠢᠯ ᠤᠨ 《ᠬᠠᠭ ᠰᠢᠯᠢᠳᠡᠭ ᠰᠣᠩᠭᠤᠯᠲᠠ》 ᠶᠢᠨ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ | ᠠᠩᠬ᠎ᠠ ᠤᠳᠠᠭ᠎ᠠ ᠲᠣᠳᠣᠷᠠᠪᠠ᠃ ᠵᠥᠪᠳᠡᠯᠴᠡᠬᠡᠷ ᠤᠨ ᠬᠤᠷᠠᠯ | ᠳᠡᠭᠡᠷ᠎ᠡ᠂ ᠰᠠᠨᠠᠮᠵᠢ ᠶᠢᠨ ᠬᠠᠮᠲᠤᠷᠠᠯᠴᠠᠭᠠᠨ ᠤ | ᠬᠡᠯᠡᠯᠴᠡᠭᠡᠷ 1 ᠬᠤᠪᠢ ᠲᠣᠭᠲᠠᠪᠠ᠃ | ᠬᠠᠶᠢᠯᠠᠷ ᠲᠣᠭᠤᠷᠢᠭ ᠪᠣᠯᠤᠨ ᠴᠦᠩᠴᠢᠩ ᠤᠨ ᠹᠦ᠋ ᠯᠢᠩ | ᠲᠣᠭᠤᠷᠢᠭ ᠤᠨ ᠵᠣᠯᠭᠠᠯᠴᠠᠭᠠᠨ ᠤ ᠬᠤᠷᠠᠯ ᠳᠡᠭᠡᠷ᠎ᠡ᠂ | ᠬᠠᠶᠢᠯᠠᠷ ᠲᠣᠭᠤᠷᠢᠭ ᠤᠨ ᠬᠠᠭ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠪᠣᠯᠤᠨ ᠴᠦᠩᠴᠢᠩ ᠤᠨ ᠵᠦᠩ ᠭᠤᠸᠠᠨ ᠬᠤᠪᠢ | ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ 《ᠬᠠᠭ | ᠨᠢᠭᠡ ᠮᠢᠨᠦ᠋ᠲ ᠲᠠᠷᠢᠶᠠᠨ ᠭᠠᠵᠠᠷ》 ᠰᠢᠬᠢᠷᠯᠢᠭ ᠰᠢᠯᠦᠬᠡᠢ | ᠡᠷᠳᠡᠨᠢ ᠰᠢᠰᠢ ᠶᠢᠨ ᠲᠤᠬᠠᠢ ᠢᠲ᠋ᠠᠯᠢ ᠪᠣᠷᠣᠯᠠᠭᠤᠯᠭ᠎ᠠ ᠶᠢᠨ | ᠰᠠᠨᠠᠮᠵᠢ ᠶᠢᠨ ᠬᠡᠯᠡᠯᠴᠡᠭᠡᠷ ᠲᠣᠭᠲᠠᠪᠠ᠃ ᠲᠣᠰ ᠤᠳᠠᠭᠠᠨ ᠤ | ᠭᠡᠷ᠎ᠡ ᠲᠤᠭᠳᠠᠭᠰᠠᠨ ᠨᠢ 《ᠬᠠᠭ ᠰᠢᠯᠢᠳᠡᠭ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠥᠯᠥᠨ | ᠪᠤᠶᠢᠷ ᠠᠴᠠ ᠭᠠᠷᠭᠠᠬᠤ ᠳᠤ ᠰᠠᠶᠢᠨ ᠰᠠᠭᠤᠷᠢ ᠲᠠᠯᠪᠢᠵᠤ | ᠥᠭᠭᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠠᠭ ᠪᠠᠯᠭᠠᠰᠤ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠡᠶᠢᠮᠦᠷᠬᠦ 《ᠰᠢᠵᠢᠷ | ᠠᠯᠲᠠᠨ ᠨᠠᠷᠠᠲᠤ ᠲᠥᠷᠥᠯ ᠲᠡᠮᠳᠡᠭᠲᠦ》 ᠶᠢᠨ ᠦᠵᠡᠰᠬᠦᠯᠡᠩ ᠢ | ᠠᠰᠢᠭᠯᠠᠨ᠂ 《ᠬᠠᠭ ᠰᠢᠯᠢᠳᠡᠭ ᠢ ᠨᠢ ᠰᠣᠩᠭᠤᠬᠤ》ᠨᠠᠷᠠᠲᠤ | ᠲᠥᠷᠥᠯ ᠲᠡᠮᠳᠡᠭᠲᠦ ᠶᠢᠨ ᠳᠠᠪᠠᠭᠤᠯᠢᠭ ᠢ ᠶᠡᠬᠡᠰᠭᠡᠨ᠎ᠡ᠃ | ᠡᠭᠦᠨ ᠤ ᠬᠠᠮᠲᠤ᠂《ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ》ᠪᠠ《ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ》 ᠶᠢ ᠣᠷᠭᠠᠨᠢᠭ ᠢᠶᠠᠷ ᠤᠶᠠᠯᠳᠤᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠳᠠᠷᠢᠵᠤ ᠲᠡᠵᠢᠭᠡᠨ ᠦᠷᠡᠵᠢᠭᠦᠯᠬᠦ᠂ ᠨᠠᠷᠢᠯᠢᠭ ᠡᠳ᠋ᠰᠢᠭᠦᠯᠬᠦ | ᠵᠡᠷᠭᠡ ᠠᠵᠤ ᠦᠢᠯᠡᠰ ᠤᠨ ᠲᠣᠭᠤᠷᠢᠨ ᠳᠤ᠂ ᠣᠯᠠᠨ ᠲᠦᠮᠡᠨ ᠤ | ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ | ᠨᠡᠮᠡᠭᠳᠡᠭᠦᠯᠬᠦ ᠶᠢ ᠦᠷᠭᠦᠯᠵᠢᠯᠡᠨ ᠳᠠᠶᠢᠴᠢᠯᠠᠵᠤ᠂ | ᠣᠨᠴᠠᠯᠢᠭᠲᠤ ᠠᠵᠤ ᠦᠢᠯᠡᠰ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠠᠵᠤ ᠠᠬᠤᠶᠢᠯᠠᠯ ᠤᠨ | ᠬᠥᠭᠵᠢᠯᠲᠡ ᠶᠢ ᠬᠠᠮᠲᠤᠪᠠᠷ ᠠᠰᠢᠭ ᠬᠦᠷᠲᠡᠬᠦ ᠶᠢ | ᠪᠡᠶᠡᠯᠡᠭᠦᠯᠬᠦ ᠬᠡᠷᠡᠭᠲᠡᠢ᠃ | | | | | |