ᠹᠧᠨ ᠳ᠋ᠧᠦ ᠪᠠᠯᠭᠠᠰᠤᠨ ᠤ ᠲᠢᠶᠠᠨ ᠵᠢᠶᠤᠤ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ》 ᠶᠢᠨ ᠬᠠᠤᠯᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠥᠷᠨᠢᠭᠦᠯᠪᠡ
  
2023/7/17
          ᠡᠮᠡᠭᠲᠡᠶᠢᠴᠦᠳ ᠤᠨ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠡᠮᠡᠭᠲᠡᠶᠢᠴᠦᠳ ᠢ ᠬᠠᠪᠰᠤᠷᠤᠨ ᠬᠠᠤᠯᠢ ᠶᠢ ᠣᠶᠢᠯᠠᠭᠠᠵᠤ ᠬᠠᠤᠯᠢ ᠶᠢ ᠵᠦᠢ ᠵᠣᠬᠢᠰᠲᠠᠢ ᠪᠠᠷ ᠬᠠᠮᠠᠭᠠᠯᠠᠬᠤ ᠶᠢᠨ ᠲᠥᠯᠥᠭᠡ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠶᠢᠨ ᠤᠬᠠᠭᠤᠯᠭ᠎ᠠ ᠶᠢᠨ ᠹᠢᠯᠢᠮ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠤᠬᠠᠭᠤᠯᠭ᠎ᠠ ᠶᠢᠨ ᠵᠠᠷ ᠮᠡᠳᠡᠭᠡ ᠶᠢ ᠦᠢᠯᠡᠳᠪᠡ᠃ 7 ᠰᠠᠷ᠎ᠠ ᠶᠢᠨ 5 ᠤ ᠡᠳᠦᠷ᠂ ᠹᠧᠨ ᠳ᠋ᠧᠦ ᠪᠠᠯᠭᠠᠰᠤᠨ ᠤ ᠲᠢᠶᠠᠨ ᠵᠢᠶᠤᠤ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠲᠠᠰᠤᠭ ᠵᠢᠴᠢ ᠡᠮᠡᠭᠲᠡᠶᠢᠴᠦᠳ ᠤᠨ ᠬᠤᠯᠪᠣᠭ᠎ᠠ ᠶᠢᠨ《ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ》 ᠶᠢᠨ ᠬᠠᠤᠯᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠢ ᠵᠣᠬᠢᠶᠠᠨ ᠪᠠᠶᠢᠭᠤᠯᠪᠠ᠃             ᠲᠠᠶᠢᠯᠤᠮᠵᠢ ᠳᠤ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠠᠮᠢᠳᠤᠷᠠᠯ ᠤᠨ ᠳᠤᠮᠳᠠ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂《ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ》 ᠶᠢ ᠬᠠᠨᠳᠤᠯᠭᠠᠲᠤ ᠴᠢᠨᠠᠷᠲᠠᠶ ᠪᠠᠷ ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠨᠠᠷᠢᠨ ᠨᠢᠮᠪᠠᠶ ᠲᠠᠶᠢᠯᠪᠤᠷᠢᠯᠠᠬᠤ ᠪᠠ ᠵᠣᠬᠢᠴᠠᠩᠭᠤᠶ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠪᠠ᠃ ᠵᠢᠱᠢᠶᠡᠯᠡᠪᠡᠯ ᠤᠷᠤᠭ ᠤᠨ ᠬᠠᠷᠢᠴᠠᠭ᠎ᠠ᠂ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠬᠤᠪᠢᠶᠠᠷᠢᠯᠠᠯ᠂ ᠬᠥᠳᠡᠯᠮᠦᠷᠢᠴᠢᠳ ᠤᠨ ᠡᠷᠬᠡ ᠠᠰᠢᠭ ᠵᠡᠷᠭᠡ ᠬᠡᠷᠡᠭ ᠤᠨ ᠵᠢᠱᠢᠶ᠎ᠡ᠂ ᠡᠮᠡᠭᠲᠡᠶᠢᠴᠦᠳ ᠢ ᠬᠦᠲᠦᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠭᠠᠨ᠎ᠠ᠃ ᠲᠠᠶᠢᠯᠤᠮᠵᠢ ᠳᠠᠭᠤᠰᠴᠤ᠂ ᠤᠯᠠᠨ ᠢᠶᠠᠷ ᠢᠶᠠᠨ ᠪᠠᠰᠠ《ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ》 ᠶᠢᠨ ᠤᠬᠠᠭᠤᠯᠭ᠎ᠠ ᠶᠢᠨ ᠹᠢᠯᠢᠮ ᠢ ᠲᠥᠪᠯᠡᠷᠡᠭᠦᠯᠦᠨ ᠦᠵᠡᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ᠂ ᠭᠡᠷ ᠪᠦᠯᠢ ᠵᠡᠷᠭᠡ ᠲᠠᠯ᠎ᠠ ᠶᠢᠨ ᠡᠯ᠎ᠡ ᠵᠦᠢᠯ ᠤᠨ ᠡᠷᠬᠡ ᠶᠢ ᠰᠢᠭᠤᠳ ᠣᠶᠢᠯᠠᠭᠠᠪᠠ᠃        ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠤᠨ᠂ ᠬᠠᠷᠢᠶᠠᠲᠤ ᠣᠷᠣᠨ ᠤ ᠳᠣᠲᠣᠷᠠᠬᠢ ᠡᠮᠡᠭᠲᠡᠶᠢᠴᠦᠳ ᠢ ᠰᠡᠳᠬᠢᠯ ᠵᠢᠷᠦᠬᠡ ᠪᠠᠨ ᠬᠤᠪᠢᠷᠠᠭᠤᠯᠵᠤ᠂ ᠡᠮᠡᠭᠲᠡᠶᠢᠴᠦᠳ ᠲᠤ ᠥᠪᠡᠷ ᠤᠨ ᠶᠠᠮᠠᠷ ᠶᠠᠮᠠᠷ ᠡᠷᠬᠡ ᠪᠠᠨ ᠡᠳ᠋ᠯᠡᠭᠦᠯᠪᠡᠯ ᠵᠣᠬᠢᠬᠤ ᠶᠢ ᠣᠶᠢᠯᠠᠭᠠᠭᠤᠯᠵᠤ᠂ ᠬᠡᠷᠬᠢᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠲᠤᠬᠠᠶ ᠮᠡᠳᠡᠭᠦᠯᠬᠦ ᠬᠡᠷᠡᠭᠲᠡᠶ᠃         
  ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ