| | | | ᠪᠢᠳᠡ ᠠᠮᠢᠳᠤᠷᠠᠯ ᠳᠠᠭᠠᠨ ᠲᠤᠰᠠᠲᠠᠢ ᠶᠡᠷᠦ ᠵᠶᠢᠨ | ᠮᠡᠳᠡᠯᠭᠡ ᠶᠢ ᠪᠠᠭ᠎ᠠ ᠴᠦ ᠭᠡᠰᠡᠨ ᠰᠤᠷᠴᠤ ᠡᠵᠡᠮᠰᠢᠵᠦ | ᠪᠠᠶᠢᠪᠡᠯ ᠰᠠᠶᠢᠨ ᠶᠤᠮ᠃ ᠲᠤᠩ ᠴᠦ ᠬᠢᠯᠪᠠᠷ ᠵᠦᠢᠯ ᠢ ᠡᠪ ᠢ ᠨᠢ | ᠣᠯᠬᠤ ᠦᠭᠡᠢ ᠦᠶ᠎ᠡ ᠳᠤ ᠠᠷᠭ᠎ᠠ ᠪᠠᠨ ᠪᠠᠷᠠᠵᠤ ᠴᠥᠬᠦᠷᠡᠳᠡᠭ᠂ | ᠳᠣᠣᠷ᠎ᠠ ᠠᠮᠢᠳᠤᠷᠠᠯ ᠳᠤᠮᠳᠠ ᠦᠷᠭᠦᠯᠵᠢ ᠬᠡᠷᠡᠭᠰᠡᠬᠦ ᠶᠡᠷᠦ ᠶᠢ | ᠮᠡᠳᠡᠯᠭᠡ ᠠᠴᠠ ᠬᠡᠳᠦ ᠶᠢ ᠬᠤᠪᠢᠶᠠᠯᠴᠠᠶ᠎ᠠ᠃ | 1. ᠠᠪᠠᠷᠠᠶ ᠶᠢ ᠬᠠᠯᠢᠰᠤ ᠶᠢ ᠭᠠᠯ ᠳᠡᠭᠡᠷ᠎ᠡ ᠬᠡᠳᠦ | ᠡᠷᠭᠢᠭᠦᠯᠣᠭᠡᠳ ᠠᠪᠤᠪᠠᠯ ᠬᠠᠯᠢᠰᠤ ᠶᠢ ᠨᠢ ᠱᠠᠭᠠᠯᠬᠤ ᠳᠤ | ᠠᠮᠠᠷᠬᠠᠨ ᠪᠠᠶᠢᠵᠣ᠂ ᠲᠥᠪᠡᠳ ᠬᠠᠰᠢ ᠶᠢ ᠬᠠᠯᠠᠭᠤᠨ ᠤᠰᠤᠨ ᠳᠤ | ᠬᠢᠪᠡᠯ ᠬᠠᠯᠢᠰᠤ ᠨᠢ ᠠᠮᠠᠷᠬᠠᠨ ᠱᠠᠭᠠᠷᠠᠳᠠᠭ᠃ | 2. ᠲᠡᠮᠦᠷ ᠲᠣᠭᠤᠭ᠎ᠠ ᠪᠠᠷ ᠶᠠᠭᠤᠮ᠎ᠠ ᠬᠠᠭᠠᠷᠢᠬᠤ ᠦᠶᠡᠰ᠂ | ᠤᠷᠢᠳ ᠢᠶᠠᠷ ᠲᠣᠭᠤᠭ᠎ᠠ ᠪᠠᠨ ᠭᠠᠯ ᠳᠡᠭᠡᠷ᠎ᠡ ᠲᠠᠯᠪᠢᠵᠤ | ᠬᠠᠯᠠᠭᠠᠵᠤ᠂ ᠪᠠᠭ᠎ᠠ ᠬᠡᠮᠵᠢᠶᠡᠨ ᠤ ᠲᠣᠰᠣ ᠬᠢᠵᠦ | ᠬᠠᠯᠠᠭᠠᠭᠰᠠᠨ ᠤ ᠳᠠᠷᠠᠭ᠎ᠠ ᠠᠰᠬᠠᠨ᠎ᠠ᠂ ᠳᠠᠬᠢᠨ ᠬᠦᠢᠲᠡᠨ ᠲᠣᠰᠣ | ᠬᠢᠪᠡᠯ ᠲᠡᠮᠦᠷ ᠲᠣᠭᠤᠭ᠎ᠠ ᠨᠠᠭᠠᠯᠳᠤᠬᠤ ᠦᠭᠡᠢ ᠪᠤᠯᠳᠠᠭ᠃ | 3. ᠬᠠᠪᠢᠷᠭ᠎ᠠ ᠴᠢᠨᠠᠬᠤ ᠪᠤᠶᠤ ᠱᠥᠯᠥ ᠬᠢᠬᠦ ᠳᠡᠭᠡᠨ ᠪᠠᠭ᠎ᠠ | ᠬᠡᠮᠵᠢᠶᠡᠨ ᠤ ᠼᠤᠤ ᠬᠢᠪᠡᠯ ᠺᠠᠯᠼ ᠰᠢᠩᠭᠡᠭᠡᠬᠦ ᠳᠤ ᠠᠰᠢᠭᠲᠠᠢ | ᠪᠠᠶᠢᠳᠠᠭ᠃ | 4. ᠪᠤᠳᠠᠭ᠎ᠠ ᠵᠢᠩᠨᠡᠬᠦ ᠳᠡᠭᠡᠨ ᠲᠣᠭᠤᠭᠠᠨ ᠳᠠᠭᠠᠨ ᠬᠡᠳᠦᠨ | ᠳᠤᠰᠤᠯ ᠲᠣᠰᠣ ᠳᠤᠰᠤᠭᠠᠪᠠᠯ ᠵᠢᠩᠨᠡᠵᠦ ᠭᠠᠷᠭᠠᠭᠰᠠᠨ ᠪᠤᠳᠠᠭ᠎ᠠ | ᠠᠮᠲᠠᠲᠠᠢ ᠪᠥᠭᠡᠳ ᠲᠣᠭᠤᠭᠠᠨ ᠳᠤ ᠨᠠᠭᠠᠯᠳᠤᠬᠤ ᠦᠭᠡᠢ᠃ | 5. ᠬᠠᠷ᠎ᠠ ᠳᠡᠯᠳᠡᠦ ᠶᠢ ᠤᠬᠢᠶᠠᠬᠤ ᠳᠠᠭᠠᠨ ᠵᠢᠭᠠᠬᠠᠨ ᠭᠤᠯᠢᠷ | ᠬᠢᠪᠡᠯ᠂ ᠭᠬᠢᠷ ᠪᠤᠷᠲᠠᠭ ᠢ ᠰᠠᠶᠢᠬᠠᠨ ᠤᠬᠢᠶᠠᠵᠤ ᠠᠷᠢᠯᠭᠠᠳᠠ᠃ | 6. ᠦᠵᠦᠮ ᠢ ᠤᠬᠢᠶᠠᠬᠤ ᠳᠠᠭᠠᠨ ᠵᠢᠭᠠᠬᠠᠨ ᠴᠠᠷᠳᠠᠭᠤᠯ | ᠬᠢᠪᠡᠯ᠂ ᠭᠦᠯᠳᠡᠭᠡᠨᠡᠵᠦ ᠰᠠᠶᠢᠬᠠᠨ ᠤᠬᠢᠶᠠᠭᠳᠠᠳᠠᠭ᠃ | 7. ᠪᠠᠩᠰᠢ ᠴᠢᠨᠠᠬᠤ ᠦᠶᠡᠰ ᠲᠣᠭᠤᠭᠠᠨ ᠳᠤ ᠬᠡᠳᠦᠨ ᠰᠢᠷᠬᠡᠭ | ᠬᠡᠷᠴᠢᠭᠰᠡᠨ ᠰᠣᠩᠭᠢᠨ᠎ᠠ ᠬᠢᠪᠡᠯ ᠪᠠᠩᠰᠢ ᠲᠣᠭᠤᠭᠠᠨ ᠳᠤ | ᠨᠠᠭᠠᠯᠳᠤᠬᠤ ᠦᠭᠡᠢ ᠪᠤᠯᠳᠠᠭ᠃ | ᠠᠮᠢᠳᠤᠷᠠᠯ ᠪᠤᠯᠤᠩ ᠵᠢᠷᠭᠢᠶ᠎ᠡ ᠲᠠᠪᠴᠠᠩ ᠠᠴᠠ | | | | | | | | |