| | | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ | 18 ᠴᠠᠭᠢᠯᠭᠠᠨ ᠮᠡᠳᠡᠭᠡ ᠪᠦᠭᠦ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠶᠡᠭᠡ ᠬᠤᠷᠠᠯ 17 ᠠᠴᠠ 18 ᠡᠳᠦᠷ | ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ | ᠪᠥᠭᠡᠳ ᠴᠢᠬᠤᠯᠠᠶᠠᠷᠢᠶᠠ ᠲᠠᠯᠪᠢᠵᠤ ᠂ ᠬᠤᠶᠢᠰᠢᠳᠠ ᠶᠢᠨ 5 ᠵᠢᠯ | ᠪᠣᠯ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠴᠠᠭ ᠦᠶ᠎ᠡ ᠪᠣᠯᠣᠨ᠎ᠠ ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢᠲᠤᠭᠤᠰᠢᠯᠠᠭᠤᠯᠵᠤ ᠂ ᠠᠷᠠᠳ | ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠶᠢ ᠬᠦᠴᠦᠷᠬᠡᠭᠤᠯᠤᠰ ᠤᠨ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ ᠂ | ᠬᠤᠲᠠ ᠬᠥᠳᠡᠭᠡ ᠶᠢᠨ ᠣᠷᠣᠰᠢᠨᠰᠠᠭᠤᠷᠢᠰᠢᠬᠤ ᠣᠷᠴᠢᠨ | ᠨᠥᠬᠦᠴᠡᠯ ᠢ ᠢᠯᠡᠳᠲᠡ ᠰᠠᠶᠢᠵᠢᠷᠠᠭᠤᠯᠵᠤ ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ | ᠢᠯᠡᠳᠲᠡᠦᠷᠡ ᠪᠦᠲᠦᠮᠵᠢ ᠣᠯᠬᠤ ᠶᠢ ᠠᠬᠢᠭᠤᠯᠵᠤ ᠂ ᠴᠢᠨᠠᠷ | ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ | ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ ᠂ ᠬᠥᠮᠥᠨᠬᠢᠭᠡᠳ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠭᠰᠠᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | | | | | | 7 ᠰᠠᠷ᠎ᠠ ᠶᠢᠨ 17 ᠠᠴᠠ 18 ᠤ ᠡᠳᠦᠷ ᠪᠤᠯᠲᠠᠯ᠎ᠠ ᠂ ᠪᠦᠭᠦ | ᠤᠯᠤᠰ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠬᠤᠷᠠᠯᠪᠡᠭᠡᠵᠢᠩ ᠳᠤ ᠬᠤᠷᠠᠯᠳᠤᠪᠠ | ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ | ᠰᠡᠭᠦᠳᠡᠷᠯᠡᠪᠡ | ᠯᠢ ᠴᠢᠶᠠᠩ ᠬᠤᠷᠠᠯ ᠢ ᠡᠷᠭᠢᠯᠡᠵᠡᠢ ᠃ ᠵᠤᠤ ᠯᠧ ᠵᠢᠢ ᠂ ᠸᠠᠩ | ᠬᠤ᠋ ᠨᠢᠩ ᠂ ᠼᠠᠢ ᠴᠢ ᠂ ᠯᠢ ᠰᠢ ᠬᠤᠷᠠᠯ ᠳᠤ ᠣᠷᠣᠯᠴᠠᠪᠠ ᠃ ᠳ᠋ᠢᠩ | ᠰᠢᠤᠸᠠᠢ ᠰᠢᠶᠠᠩᠳ᠋ᠦᠩᠨᠡᠯᠲᠡ ᠶᠢᠨ ᠶᠠᠷᠢᠶ᠎ᠠ ᠲᠠᠯᠪᠢᠵᠠᠢ ᠃ | ᠰᠢ ᠶᠢᠨ ᠫᠢᠩ ᠶᠠᠷᠢᠶᠠᠨ ᠳᠠᠭᠠᠨ ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠳᠤᠮᠳᠠᠳᠤ ᠶᠢᠨ | ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠳᠤ | ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠪᠤᠯᠭᠠᠵᠤ ᠂ ᠠᠯᠢ | ᠤᠯᠠᠨᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ ᠂ | ᠵᠣᠷᠢᠭ ᠤᠨ ᠶᠡᠭᠡ ᠂ ᠡᠷᠴᠢᠮ ᠤᠨ ᠶᠡᠭᠡ ᠂ ᠦᠷ᠎ᠡ ᠪᠦᠲᠦᠮᠵᠢ ᠶᠢᠨ | ᠶᠡᠭᠡ ᠵᠡᠷᠭᠡ ᠲᠠᠯ᠎ᠠ ᠪᠠᠷ ᠤᠷᠢᠳ ᠡᠮᠦᠨᠡᠪᠠᠶᠢᠭᠠ ᠦᠭᠡᠢ | ᠪᠠᠶᠢᠵᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ | ᠤᠨᠤᠯ ᠠᠴᠠ ᠦᠢᠯᠡᠳᠦᠯᠭᠡ ᠭᠦᠷᠲᠡᠯ᠎ᠡ ᠴᠥᠮ ᠲᠡᠦᠬᠡᠲᠦ | ᠴᠢᠨᠠᠷᠲᠠᠢ ᠂ ᠡᠷᠭᠢᠯᠲᠡ ᠶᠢᠨᠴᠢᠨᠠᠷᠲᠠᠢ ᠂ ᠪᠦᠭᠦ ᠲᠠᠯ᠎ᠠ ᠶᠢᠨ | ᠴᠢᠨᠠᠷᠲᠠᠢ ᠬᠤᠪᠢᠷᠠᠯᠲᠠ ᠭᠠᠷᠴᠤ ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠬᠤᠯᠠ | ᠶᠡᠭᠡ ᠠᠯᠬᠤᠮ ᠢ ᠠᠯᠬᠤᠪᠠ ᠃ ᠪᠢᠳᠡ ᠠᠮᠢ ᠠᠬᠤᠢ ᠣᠷᠴᠢᠨ | ᠲᠣᠭᠤᠷᠢᠨ ᠤ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠠᠴᠠ ᠭᠠᠷᠳᠠᠵᠤ ᠂ ᠴᠡᠭ ᠪᠠ | ᠨᠡᠶᠢᠳᠡᠮ ᠢᠤᠶᠠᠯᠳᠤᠭᠤᠯᠬᠤ ᠂ ᠥᠩᠭᠡᠨ ᠲᠠᠯ᠎ᠠ ᠪᠠ ᠡᠬᠢ | ᠦᠨᠳᠦᠰᠦ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ ᠂ | ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠴᠠ | ᠰᠢᠰᠲ᠋ᠧᠮ ᠲᠠᠢᠵᠠᠰᠠᠬᠤ ᠴᠢᠬᠤᠯᠠ ᠶᠡᠭᠡ ᠬᠤᠪᠢᠷᠠᠯᠲᠠ ᠶᠢ | ᠪᠡᠶᠡᠯᠡᠭᠦᠯᠪᠡ ︔ ᠦᠵᠡᠯᠲᠡ ᠪᠠᠨ ᠬᠤᠪᠢᠷᠠᠭᠤᠯᠬᠤ ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ | ᠪᠠᠷᠢᠮᠲᠠᠯᠠᠵᠤ ᠂ ᠪᠦᠭᠦ ᠨᠠᠮᠪᠦᠭᠦ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠤᠬᠠᠮᠰᠠᠷᠲᠤ | ᠴᠢᠨᠠᠷ ᠰᠠᠨᠠᠭᠠᠴᠢᠯᠠᠭᠠᠲᠤ ᠴᠢᠨᠠᠷ ᠢ ᠳᠠᠰᠤᠷᠠᠯᠳᠠ | ᠦᠭᠡᠢᠴᠢᠩᠭᠠᠳᠬᠠᠵᠤ ᠂ ᠰᠠᠨᠠᠭᠠᠴᠢᠯᠠᠭᠠᠲᠤ ᠪᠤᠰᠤ ᠪᠠᠷ | ᠠᠷᠭᠠᠴᠠᠭᠠᠵᠤ ᠪᠠᠶᠢᠭᠰᠠᠨ ᠠᠴᠠ ᠰᠠᠨᠠᠭᠠᠴᠢᠯᠠᠭ᠎ᠠ ᠲᠠᠢ ᠪᠠᠷ | ᠠᠵᠢᠯᠯᠠᠬᠤ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ ︔ | ᠴᠠᠭ ᠦᠶ᠎ᠡ ᠶᠢ ᠴᠢᠩᠭ᠎ᠠ ᠳᠠᠭᠠᠵᠤ ᠂ ᠳᠡᠯᠡᠬᠡᠢ ᠳ᠋ᠠᠬᠢᠨ ᠢ | ᠪᠠᠷᠠᠯᠠᠵᠤ ᠂ ᠶᠡᠭᠡ ᠤᠯᠤᠰ ᠤᠨ ᠬᠠᠷᠢᠭᠤᠴᠠᠯᠭ᠎ᠠ ᠶᠢ | ᠡᠭᠦᠷᠭᠡᠯᠡᠵᠦ ᠂ ᠶᠡᠭᠡ ᠤᠯᠤᠰ ᠤᠨ ᠬᠠᠷᠢᠭᠤᠴᠠᠯᠭ᠎ᠠ | ᠡᠭᠦᠷᠭᠡᠯᠡᠯ ᠢ ᠢᠯᠡᠷᠡᠭᠦᠯᠵᠦ ᠂ ᠪᠦᠭᠦ ᠪᠥᠮᠪᠥᠷᠴᠡᠭ ᠤᠨ | ᠣᠷᠴᠢᠨ ᠲᠣᠭᠤᠷᠢᠨ ᠤ ᠵᠠᠰᠠᠯᠲᠠ ᠳᠤ ᠣᠷᠣᠯᠴᠠᠭᠴᠢ | ᠪᠠᠶᠢᠭᠰᠠᠨ ᠠᠴᠠ ᠳᠠᠭᠠᠭᠤᠯᠤᠭᠴᠢ ᠪᠤᠯᠬᠤ ᠴᠢᠬᠤᠯᠠ | ᠶᠡᠭᠡᠬᠤᠪᠢᠷᠠᠯᠲᠠ ᠶᠢ ᠪᠡᠶᠡᠯᠡᠭᠦᠯᠪᠡ ︔ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠮ᠎ᠡ ᠶᠣᠰᠣ ᠶᠢᠨ | ᠲᠤᠬᠠᠢ ᠲᠠᠨᠢᠯᠲᠠ ᠪᠠᠨ ᠲᠠᠰᠤᠷᠠᠯᠳᠠ | ᠦᠭᠡᠢᠭᠦᠨᠵᠡᠭᠡᠶᠢᠷᠡᠭᠦᠯᠵᠦ ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠪᠤᠢ | ᠪᠤᠯᠭᠠᠵᠤ ᠂ ᠦᠢᠯᠡᠳᠦᠯᠭᠡ ᠶᠢᠨ ᠰᠦᠪᠡᠭᠴᠢᠯᠡᠯᠲᠡ ᠠᠴᠠ | ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠳᠤ | ᠬᠦᠷᠬᠦ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ ᠃ | ᠰᠢᠷᠭᠠᠭᠤ ᠴᠢᠷᠮᠠᠶᠢᠯᠭ᠎ᠠ ᠪᠠᠷ ᠳᠠᠮᠵᠢᠨ ᠂ ᠮᠠᠨ ᠤ ᠤᠯᠤᠰ ᠤᠨ | ᠠᠭᠠᠷ ᠨᠡᠩ ᠴᠡᠯᠮᠡᠭ ᠂ ᠭᠠᠵᠠᠷ ᠨᠡᠩ ᠨᠣᠭᠤᠭᠠᠨ ᠂ ᠤᠰᠤ ᠨᠡᠩ | ᠲᠤᠩᠭᠠᠯᠠᠭ ᠪᠣᠯᠵᠤ ᠂ ᠲᠦᠮᠡᠨ ᠭᠠᠵᠠᠷ ᠤᠨ ᠠᠭᠤᠯᠠ ᠤᠰᠤ ᠨᠡᠩ | ᠭᠤᠶᠣᠮᠰᠤᠭ ᠰᠠᠶᠢᠬᠠᠨ ᠪᠣᠯᠪᠠ ᠃ ᠰᠢᠨ᠎ᠡ ᠴᠠᠭ ᠦᠶ᠎ᠡ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨᠠᠮᠵᠢᠯᠲᠠ | ᠪᠦᠲᠦᠮᠵᠢ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ ᠂ | ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ | ᠦᠢᠯᠡᠰ ᠤᠨ ᠲᠡᠦᠬᠡᠲᠦ ᠴᠢᠨᠠᠷᠲᠠᠢᠠᠮᠵᠢᠯᠲᠠ ᠣᠯᠵᠤ ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠤᠭᠰᠠᠨ ᠤ ᠢᠯᠡᠷᠬᠡᠢ ᠪᠡᠯᠭᠡ | ᠲᠡᠮᠳᠡᠭ ᠪᠣᠯᠵᠠᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠮᠠᠨ ᠤ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠦᠲᠦᠴᠡ ᠶᠢᠨ ᠴᠢᠨᠠᠷᠲᠠᠢ | ᠂ ᠦᠨᠳᠦᠰᠦ ᠰᠤᠷᠪᠤᠯᠵᠢ ᠶᠢᠨᠴᠢᠨᠠᠷᠲᠠᠢ ᠂ ᠬᠠᠨᠳᠤᠰᠢ ᠶᠢᠨ | ᠴᠢᠨᠠᠷᠲᠠᠢ ᠳᠠᠷᠤᠯᠲᠠ ᠬᠠᠷᠠᠬᠠᠨ ᠦᠨᠳᠦᠰᠦᠨ ᠠᠴᠠ ᠪᠠᠨ | ᠨᠠᠮᠳᠠᠭᠠᠳᠤᠢ ᠪᠠᠶᠢᠭᠰᠠᠭᠠᠷ ᠃ ᠮᠠᠨ ᠤ ᠤᠯᠤᠰ ᠤᠨ ᠠᠵᠤ ᠠᠬᠤᠢ | ᠨᠡᠶᠢᠭᠡᠮ ᠤᠨᠬᠥᠭᠵᠢᠯᠲᠡ ᠨᠢᠭᠡᠨᠲᠡ ᠪᠣᠬᠢᠷᠳᠤᠯ ᠦᠭᠡᠢ ᠂ | ᠪᠠᠭ᠎ᠠ ᠨᠡᠭᠦᠷᠡᠰᠦᠲᠥ᠋ᠷᠥᠭᠴᠢᠲᠦ ᠪᠦᠬᠦᠢ ᠴᠢᠨᠠᠷ ᠰᠠᠶᠢᠲᠠᠢ | ᠬᠥᠭᠵᠢᠯᠲᠡ ᠶᠢᠨ ᠱᠠᠲᠤᠨ ᠳᠤ ᠣᠷᠣᠵᠤ ᠂ ᠠᠮᠢ | ᠠᠬᠤᠢ ᠶᠢᠨᠪᠣᠯᠪᠠᠰᠤᠨ ᠤ ᠪᠠᠶᠢᠭᠤᠯᠤᠯᠲᠠ ᠮᠥᠨ ᠬᠦ ᠳᠠᠷᠤᠯᠲᠠ | ᠳᠠᠪᠬᠤᠴᠠᠭᠰᠠᠨ ᠂ ᠳᠠᠷᠤᠭᠠᠰᠤ ᠲᠠᠢ ᠪᠠᠷ ᠤᠷᠤᠭᠰᠢᠯᠠᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ ᠃ | ᠡᠷᠬᠡᠪᠰᠢ ᠨᠡᠩ ᠥᠨᠳᠥᠷ ᠵᠣᠭᠰᠣᠴᠠ ᠂ ᠨᠡᠩ ᠥᠷᠭᠡᠨ ᠬᠠᠷᠠᠭᠠᠰᠤ ᠂ | ᠨᠡᠩ ᠶᠡᠭᠡ ᠡᠷᠴᠢᠮ ᠢᠶᠠᠷ ᠰᠢᠨ᠎ᠡ ᠠᠶᠠᠨ ᠤ ᠠᠮᠢ ᠠᠬᠤᠢ ᠣᠷᠴᠢᠨ | ᠲᠣᠭᠤᠷᠢᠨ ᠤᠬᠠᠮᠠᠭᠠᠯᠠᠯᠲᠠ ᠶᠢᠨ ᠠᠵᠢᠯ ᠢ ᠲᠥᠯᠥᠪᠵᠢᠭᠦᠯᠦᠨ | ᠠᠬᠢᠭᠤᠯᠵᠤ ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ | ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠵᠦ ᠂ | ᠣᠳᠣᠬᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ | ᠠᠰᠠᠭᠤᠳᠠᠯ ᠢ ᠵᠠᠳᠠᠯᠵᠤ ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠳᠤ ᠂ | ᠡᠷᠬᠡᠪᠰᠢ ᠰᠢᠨ᠎ᠡ ᠴᠠᠭ ᠦᠶ᠎ᠡ ᠶᠢᠨᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ ᠂ ᠬᠡᠳᠦᠨ ᠴᠢᠬᠤᠯᠠᠶᠡᠭᠡ ᠬᠠᠷᠢᠴᠠᠭ᠎ᠠ ᠶᠢ ᠵᠥᠪ | ᠰᠢᠢᠳᠪᠦᠷᠢᠯᠡᠬᠦ ᠬᠡᠷᠡᠭᠲᠡᠢ ᠃ ᠨᠢᠭᠡ ᠳᠤ ᠂ ᠴᠢᠨᠠᠷ ᠰᠠᠶᠢᠲᠠᠢ | ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ | ᠬᠠᠮᠠᠭᠠᠯᠠᠯᠲᠠ ᠶᠢᠨᠬᠠᠷᠢᠴᠠᠭᠠ ᠃ ᠬᠥᠮᠥᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠥᠨᠳᠥᠷᠴᠡ ᠠᠴᠠ ᠬᠥᠭᠵᠢᠯᠲᠡ ᠶᠢ ᠲᠥᠯᠥᠪᠵᠢᠭᠦᠯᠵᠦ ᠂ | ᠥᠨᠳᠥᠷᠲᠦᠪᠰᠢᠨ ᠪᠦᠬᠦᠢ ᠣᠷᠴᠢᠨ ᠲᠣᠭᠤᠷᠢᠨ ᠤ | ᠬᠠᠮᠠᠭᠠᠯᠠᠯᠲᠠ ᠪᠠᠷ ᠳᠠᠮᠵᠢᠭᠤᠯᠤᠨ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠂ ᠰᠢᠨ᠎ᠡ ᠳᠠᠪᠠᠭᠤᠯᠢᠭ ᠢ | ᠲᠠᠰᠤᠷᠠᠯᠲᠠᠦᠭᠡᠢ ᠪᠤᠢ ᠪᠤᠯᠭᠠᠵᠤ ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ | ᠰᠢᠰᠲ᠋ᠧᠮ ᠢ ᠬᠦᠴᠦᠯᠡᠨ ᠪᠠᠶᠢᠭᠤᠯᠵᠤ ᠂ ᠬᠥᠭᠵᠢᠯᠲᠡ ᠶᠢᠨᠡᠬᠢ | ᠪᠠᠶᠠᠯᠢᠭ ᠣᠷᠴᠢᠨ ᠲᠣᠭᠤᠷᠢᠨ ᠤ ᠦᠷᠡᠭᠳᠡᠯ ᠢ ᠪᠦᠲᠦᠮᠵᠢᠲᠡᠢ | ᠪᠠᠭᠤᠷᠠᠭᠤᠯᠵᠤ ᠂ ᠬᠥᠭᠵᠢᠯᠲᠡ ᠶᠢᠨ ᠳᠠᠯᠳᠠ ᠬᠦᠴᠦᠨ ᠪᠣᠯᠣᠨ | ᠨᠥᠭᠡᠴᠡ ᠬᠦᠴᠦᠨ ᠢᠦᠷᠭᠦᠯᠵᠢᠯᠡᠨ ᠴᠢᠩᠭᠠᠳᠬᠠᠬᠤ ᠬᠡᠷᠡᠭᠲᠡᠢ ᠃ | ᠬᠤᠶᠠᠷ ᠲᠤ ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠪᠠ | ᠬᠠᠮᠵᠢᠯᠴᠠᠨ ᠵᠠᠰᠠᠬᠤ ᠶᠢᠨ ᠬᠠᠷᠢᠴᠠᠭ᠎ᠠ ᠃ | ᠰᠢᠰᠲ᠋ᠧᠮ ᠤᠨᠦᠵᠡᠯᠲᠡ ᠶᠢ ᠪᠠᠷᠢᠮᠲᠠᠯᠠᠵᠤ ᠂ ᠭᠤᠣᠯ ᠵᠥᠷᠢᠴᠡᠯ | ᠪᠠ ᠵᠥᠷᠢᠴᠡᠯ ᠤᠨ ᠭᠤᠣᠯ ᠲᠠᠯ᠎ᠠ ᠶᠢ ᠠᠳᠬᠤᠵᠤ ᠂ ᠠᠮᠢ ᠠᠬᠤᠢ | ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠬᠦᠴᠦᠲᠡᠢ | ᠠᠷᠭ᠎ᠠ ᠬᠡᠮᠵᠢᠶ᠎ᠡ ᠠᠪᠬᠤ ᠶᠢᠨ ᠵᠡᠷᠭᠡ ᠪᠠᠷ ᠬᠠᠷᠠᠯᠲᠠ ᠶᠢᠨ | ᠲᠣᠭᠤᠷᠢᠨ ᠳᠤ ᠬᠠᠮᠵᠢᠯᠴᠠᠬᠤ ᠂ ᠣᠯᠠᠨ ᠪᠣᠬᠢᠷᠳᠤᠯ ᠪᠣᠳᠠᠰ ᠢ | ᠬᠢᠵᠠᠭᠠᠷᠯᠠᠬᠤᠲᠠᠯᠠ ᠪᠠᠷ ᠬᠠᠮᠵᠢᠯᠴᠠᠬᠤ ᠂ ᠰᠠᠯᠠᠭ᠎ᠠ | ᠮᠥᠴᠢᠷ ᠬᠠᠮᠵᠢᠯᠴᠠᠬᠤ ᠂ ᠣᠷᠣᠨ ᠪᠦᠰᠡ ᠪᠠᠷ ᠬᠠᠮᠵᠢᠯᠴᠠᠬᠤ ᠂ | ᠲᠥᠷᠥ ᠶᠢᠨ ᠪᠣᠳᠣᠯᠭ᠎ᠠ ᠪᠠᠷ ᠬᠠᠮᠵᠢᠯᠴᠠᠬᠤ ᠶᠢ ᠴᠢᠩᠭᠠᠳᠬᠠᠵᠤ | ᠂ ᠡᠯ᠎ᠡ ᠵᠦᠢᠯ ᠤᠨ ᠠᠵᠢᠯ ᠤᠨ ᠰᠢᠰᠲ᠋ᠧᠮᠲᠦ ᠴᠢᠨᠠᠷ ᠂ ᠪᠦᠬᠦᠯᠢ | ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠲᠠᠰᠤᠷᠠᠯᠲᠠ | ᠦᠭᠡᠢ ᠴᠢᠩᠭᠠᠳᠬᠠᠬᠤ ᠬᠡᠷᠡᠭᠲᠡᠢ ᠃ ᠭᠤᠷᠪᠠ ᠳᠤ ᠂ ᠠᠶᠠᠨᠳᠠᠭᠠᠨ | ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠶᠢᠨ | ᠬᠠᠷᠢᠴᠠᠭ᠎ᠠ ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ ᠂ ᠠᠭᠤᠯᠠᠨ ᠣᠷᠣᠢ ᠠᠴᠠ ᠲᠠᠯᠠᠢ | ᠲᠠᠩᠭᠢᠰᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ | ᠪᠠᠶᠢᠷᠢᠰᠢᠯ ᠢ ᠪᠠᠶᠢᠭᠤᠯᠵᠤ ᠂ ᠠᠶᠠᠨᠳᠠᠭᠠᠨ ᠰᠡᠷᠭᠦᠬᠦ ᠪᠠ | ᠬᠥᠮᠥᠨ ᠤ ᠬᠦᠴᠦ ᠪᠠᠷ ᠰᠡᠷᠭᠦᠭᠡᠬᠦ ᠬᠤᠶᠠᠷ ᠵᠦᠢᠯ ᠤᠨ ᠠᠷᠭ᠎ᠠ | ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠭᠠᠵᠠᠷ ᠣᠷᠣᠨ ᠴᠠᠭ | ᠬᠤᠭᠤᠴᠠᠭᠠᠨ ᠳᠤᠨᠢ ᠲᠣᠬᠢᠷᠠᠭᠤᠯᠤᠨ ᠂ ᠣᠷᠣᠨ ᠬᠤᠪᠢᠶᠠᠨ ᠲᠦᠷᠦᠯ | ᠬᠤᠪᠢᠶᠠᠨ ᠠᠷᠭ᠎ᠠ ᠪᠣᠳᠣᠯᠭᠠᠬᠡᠷᠡᠭᠵᠢᠭᠦᠯᠵᠦ ᠂ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠬᠠᠮᠤᠭ ᠤᠨ ᠰᠠᠶᠢᠨ | ᠰᠢᠢᠳᠪᠦᠷᠢᠯᠡᠬᠦ ᠲᠥᠰᠥᠯ ᠢ ᠲᠣᠭᠲᠠᠭᠠᠬᠤ ᠪᠠᠷ ᠴᠢᠷᠮᠠᠶᠢᠬᠤ | ᠬᠡᠷᠡᠭᠲᠡᠢ ᠃ ᠳᠥᠷᠪᠡ ᠳᠤ ᠂ ᠭᠠᠳᠠᠭᠠᠳᠤ ᠬᠢᠵᠠᠭᠠᠷᠯᠠᠯ ᠪᠣᠯᠣᠨ | ᠳᠣᠲᠣᠭᠠᠳᠤ ᠬᠥᠳᠡᠯᠭᠡᠬᠦ ᠬᠦᠴᠦᠨ ᠤ ᠬᠠᠷᠢᠴᠠᠭ᠎ᠠ ᠃ ᠬᠠᠮᠤᠭ ᠤᠨ | ᠴᠢᠩᠭ᠎ᠠ ᠳᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ | ᠠᠮᠢᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ | ᠪᠠᠷᠢᠮᠲᠠᠯᠠᠵᠤ ᠂ ᠭᠠᠳᠠᠭᠠᠳᠤ ᠳᠠᠷᠤᠯᠲᠠ ᠶᠢ | ᠪᠠᠶᠢᠩᠭᠤᠵᠢᠭᠤᠯᠬᠤ ᠶᠢᠨ ᠵᠡᠷᠭᠡ ᠪᠠᠷ ᠪᠦᠭᠦ | ᠨᠡᠶᠢᠭᠡᠮ ᠢᠶᠠᠷ ᠢᠶᠠᠨᠬᠠᠮᠲᠤ ᠪᠠᠷ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠬᠦ ᠬᠡᠷᠡᠭᠲᠡᠢ ᠃ ᠲᠠᠪᠤ ᠳᠤ ᠂ 《 ᠬᠤᠣᠰ | ᠨᠡᠭᠦᠷᠡᠰᠦᠲᠥ᠋ᠷᠥᠭᠴᠢ 》 ᠠᠮᠠᠯᠠᠯᠲᠠ ᠪᠣᠯᠣᠨ ᠪᠡᠶ᠎ᠡ ᠪᠠᠨ | ᠳᠠᠭᠠᠭᠠᠭᠰᠠᠨ ᠠᠵᠢᠯᠯᠠᠭ᠎ᠠ ᠶᠢᠨ ᠬᠠᠷᠢᠴᠠᠭ᠎ᠠ ᠃ ᠮᠠᠨ ᠤ | ᠠᠮᠠᠯᠠᠭᠰᠠᠨ《 ᠬᠤᠣᠰ ᠨᠡᠭᠦᠷᠡᠰᠦᠲᠥ᠋ᠷᠥᠭᠴᠢ 》 ᠬᠠᠷᠠᠯᠲᠠ | ᠪᠣᠯ ᠰᠢᠯᠵᠢᠰᠢ ᠦᠭᠡᠢ ᠶᠤᠮ ᠂ ᠭᠡᠪᠡᠴᠦ ᠡᠨᠡ ᠬᠦ ᠬᠠᠷᠠᠯᠲᠠ ᠳᠤ | ᠬᠦᠷᠬᠦ ᠠᠷᠭ᠎ᠠ ᠵᠠᠮ ᠪᠣᠯᠣᠨ ᠠᠷᠭ᠎ᠠ ᠭᠡᠯᠪᠡᠷᠢ ᠂ ᠠᠶᠢᠵᠠᠮ | ᠪᠣᠯᠣᠨ ᠡᠷᠴᠢᠮ ᠢ ᠪᠢᠳᠡᠥᠪᠡᠷ ᠢᠶᠠᠨ ᠡᠵᠡᠨ ᠮᠡᠳᠡᠬᠦ ᠶᠣᠰᠣᠲᠠᠢ | ᠪᠥᠭᠡᠳ ᠡᠷᠬᠡᠪᠰᠢ ᠥᠪᠡᠷ ᠢᠶᠠᠨ ᠡᠵᠡᠨ ᠮᠡᠳᠡᠬᠦ ᠬᠡᠷᠡᠭᠲᠡᠢ ᠂ | ᠶᠠᠭᠠᠬᠢᠭᠰᠠᠨ ᠴᠤ ᠪᠤᠰᠤᠳ ᠤᠨ ᠵᠢᠭᠠᠵᠤ ᠳᠣᠬᠢᠬᠤ ᠶᠢ | ᠬᠦᠯᠢᠶᠡᠬᠦᠦᠭᠡᠢ ᠭᠡᠵᠦ ᠵᠢᠭᠠᠵᠤ ᠭᠠᠷᠭᠠᠪᠠ ᠃ | | | ᠰᠢ ᠶᠢᠨ ᠫᠢᠩ ᠂ ᠪᠣᠬᠢᠷᠳᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠭᠦᠨᠵᠡᠭᠡᠢ ᠰᠠᠶᠢᠲᠤᠷ ᠬᠢᠵᠦ ᠂ ᠣᠨᠣᠴᠠᠲᠠᠢ ᠪᠠᠷᠪᠣᠬᠢᠷᠳᠤᠯ ᠢ | ᠵᠠᠰᠠᠬᠤ ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ | ᠵᠠᠰᠠᠬᠤ ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ | ᠪᠠᠷᠢᠮᠲᠠᠯᠠᠵᠤ ᠂ ᠡᠷᠴᠢᠮ ᠢᠶᠠᠨ ᠪᠠᠲᠤᠯᠠᠵᠤ ᠂ ᠭᠦᠨᠴᠡ ᠶᠢ | ᠤᠷᠲᠤᠳᠬᠠᠵᠤ ᠂ ᠥᠷᠭᠡᠴᠡ ᠪᠠᠨ ᠲᠡᠯᠡᠵᠤ ᠂ ᠬᠥᠬᠡ ᠣᠭᠲᠠᠷᠭᠤᠢ ᠂ | ᠬᠥᠬᠡᠮᠳᠦᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ | ᠶᠡᠭᠡᠳᠠᠶᠢᠯᠠᠯᠳᠤᠭᠠᠨ ᠢ ᠭᠦᠨᠵᠡᠭᠡᠢ ᠠᠬᠢᠭᠤᠯᠵᠤ ᠂ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠬᠡᠷᠡᠭᠲᠡᠢ ᠃ ᠬᠥᠭᠵᠢᠯᠲᠡ ᠶᠢᠨᠠᠷᠭ᠎ᠠ | ᠭᠡᠯᠪᠡᠷᠢ ᠶᠢ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢᠨ | ᠦᠨᠳᠦᠰᠦ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠬᠤ ᠶᠢ | ᠪᠠᠷᠢᠮᠲᠠᠯᠠᠵᠤ ᠂ ᠪᠣᠬᠢᠷᠳᠤᠯ ᠦᠭᠡᠢ ᠦᠢᠯᠡᠳᠪᠦᠷᠢᠯᠡᠯ ᠤᠨ | ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ | ᠭᠡᠯᠪᠡᠷᠢ ᠶᠢ ᠲᠦᠷᠭᠡᠨ ᠪᠦᠷᠢᠯᠳᠦᠭᠦᠯᠵᠦ ᠂ ᠴᠢᠨᠠᠷ ᠰᠠᠶᠢᠲᠠᠢ | ᠬᠥᠭᠵᠢᠯᠲᠡ ᠶᠢᠨ ᠪᠣᠬᠢᠷᠳᠤᠯ ᠦᠭᠡᠢ ᠰᠠᠭᠤᠷᠢ ᠶᠢ | ᠪᠠᠬᠢᠵᠢᠭᠦᠯᠬᠦ ᠬᠡᠷᠡᠭᠲᠡᠢ ᠃ ᠠᠮᠢ ᠠᠬᠤᠢ ᠶᠢᠨ ᠰᠢᠰᠲ᠋ᠧᠮ ᠤᠨ | ᠤᠯᠠᠨ ᠶᠠᠩᠵᠤᠲᠤ ᠴᠢᠨᠠᠷ ᠂ ᠲᠣᠭᠲᠠᠪᠤᠷᠢᠲᠤ ᠴᠢᠨᠠᠷ ᠂ | ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠵᠦ ᠂ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ ᠂ | ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨᠠᠭᠤᠯᠠ | ᠪᠣᠯᠭᠠᠨ ᠬᠤᠪᠢᠷᠠᠭᠤᠯᠬᠤ ᠠᠷᠭ᠎ᠠ ᠵᠠᠮ ᠢ ᠥᠷᠭᠡᠳᠬᠡᠵᠦ ᠂ ᠦᠷ᠎ᠡ | ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ ᠤᠰᠤ ᠲᠠᠢ | ᠠᠮᠢ ᠠᠬᠤᠢ ᠶᠢᠨ ᠣᠷᠣᠨᠵᠠᠢ ᠶᠢ ᠦᠯᠡᠳᠡᠭᠡᠵᠦ ᠥᠭᠬᠦ ᠬᠡᠷᠡᠭᠲᠡᠢ | ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢᠰᠠᠭᠠᠷᠮᠠᠭᠵᠢᠭᠤᠯᠬᠤ ᠶᠢ | ᠢᠳᠡᠪᠬᠢᠲᠡᠢ ᠯᠠᠪᠳᠠᠭᠤᠨ ᠢᠶᠠᠷ ᠠᠬᠢᠭᠤᠯᠵᠤ ᠂ ᠪᠦᠭᠦ | ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ ᠂ | ᠠᠷᠪᠢᠯᠠᠬᠤ ᠶᠢ ᠲᠡᠷᠢᠭᠦᠨ ᠳᠤᠲᠠᠯᠪᠢᠬᠤ ᠂ ᠬᠤᠣᠰ ᠬᠦᠷᠳᠦ ᠪᠠᠷ | ᠬᠥᠳᠡᠯᠭᠡᠭᠦᠷ ᠪᠤᠯᠭᠠᠬᠤ ᠂ ᠳᠣᠲᠣᠭᠠᠳᠤ ᠭᠠᠳᠠᠭᠠᠳᠤ ᠶᠢ ᠰᠠᠭᠠᠳ | ᠦᠭᠡᠢ ᠨᠡᠪᠲᠡᠷᠡᠭᠦᠯᠬᠦ ᠂ ᠠᠶᠤᠯ ᠲᠦᠭᠰᠢᠭᠦᠷᠢ ᠶᠢ | ᠰᠡᠷᠭᠡᠶᠢᠯᠡᠬᠦᠵᠠᠷᠴᠢᠮ ᠢ ᠪᠠᠷᠢᠮᠲᠠᠯᠠᠵᠤ ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ 《 1 +N 》 ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠰᠠᠶᠢᠲᠤᠷ ᠨᠠᠶᠢᠳᠠᠪᠤᠷᠢᠵᠢᠭᠤᠯᠵᠤ ᠂ ᠠᠷᠢᠭᠤᠨ | ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ | ᠥᠨᠳᠥᠷᠪᠦᠲᠦᠮᠵᠢᠲᠡᠢ ᠡᠨᠧᠷᠭᠢ ᠶᠢᠨ ᠰᠢᠰᠲ᠋ᠧᠮ ᠢ ᠪᠠᠶᠢᠭᠤᠯᠵᠤ | ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ | ᠲᠦᠷᠭᠡᠳᠬᠡᠨ ᠪᠠᠶᠢᠭᠤᠯᠵᠤ ᠂ ᠤᠯᠤᠰ ᠤᠨᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ | ᠦᠵᠡᠰᠬᠦᠯᠡᠩᠲᠦ ᠰᠠᠶᠢᠬᠠᠨᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠲᠤ ᠰᠠᠬᠢᠵᠤ ᠂ ᠤᠯᠤᠰ ᠤᠨ ᠶᠡᠷᠦᠩᠬᠡᠢ ᠠᠮᠤᠷ | ᠲᠦᠪᠰᠢᠨ ᠤᠦᠵᠡᠯᠲᠡ ᠶᠢ ᠲᠤᠭᠤᠰᠢᠯᠠᠭᠤᠯᠵᠤ ᠂ ᠡᠯ᠎ᠡ ᠵᠦᠢᠯ ᠤᠨ | ᠠᠶᠤᠯ ᠲᠦᠭᠰᠢᠭᠦᠷᠢ ᠥᠷᠢᠰᠦᠯᠳᠦᠭᠡᠨ ᠢ ᠢᠳᠡᠪᠬᠢᠲᠡᠢ | ᠪᠦᠲᠦᠮᠵᠢᠲᠡᠢ ᠠᠷᠭᠠᠴᠠᠭᠠᠵᠤ ᠂ ᠠᠮᠢ ᠠᠬᠤᠢ ᠶᠢᠨ ᠠᠮᠤᠷᠲᠦᠪᠰᠢᠨ | ᠂ ᠴᠥᠮ᠎ᠡ ᠪᠣᠯᠣᠨ ᠰᠠᠴᠤᠷᠠᠭ ᠤᠨ ᠠᠮᠤᠷ ᠲᠦᠪᠰᠢᠨ ᠵᠡᠷᠭᠡ ᠶᠢ | ᠦᠨᠡᠨ ᠬᠦ ᠬᠠᠮᠠᠭᠠᠯᠠᠵᠤ ᠂ ᠪᠢᠳᠡᠨ ᠤ ᠣᠷᠣᠰᠢᠨ ᠲᠣᠭᠲᠠᠨᠢᠵᠤ | ᠬᠥᠭᠵᠢᠬᠦ ᠪᠠᠶᠢᠭᠠᠯᠢ ᠶᠢᠨᠣᠷᠴᠢᠨ ᠲᠣᠭᠤᠷᠢᠨ ᠪᠣᠯᠣᠨ | ᠨᠥᠬᠦᠴᠡᠯ ᠤᠨ ᠰᠦᠷᠳᠡᠭᠦᠯᠦᠯ ᠪᠠ ᠡᠪᠳᠡᠯᠡᠭᠡ ᠳᠤ ᠤᠴᠠᠷᠠᠬᠤ | ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠬᠦ ᠬᠡᠷᠡᠭᠲᠡᠢ ᠃ ᠡᠯ᠎ᠡ | ᠬᠦᠷᠢᠶᠡᠨ ᠤ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠵᠦ ᠂ ᠡᠯ᠎ᠡ ᠲᠠᠯ᠎ᠠ ᠶᠢᠨ ᠬᠦᠴᠦᠨ ᠢ | ᠨᠢᠭᠲᠠᠷᠠᠭᠤᠯᠵᠤ ᠂ ᠬᠠᠤᠯᠢᠵᠢᠯ ᠂ ᠵᠠᠬ᠎ᠠ ᠳᠡᠯᠭᠡᠭᠦᠷ ᠂ | ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠂ ᠲᠦᠷᠦ ᠶᠢᠨ | ᠪᠣᠳᠣᠯᠭ᠎ᠠ ᠶᠢᠨ 《 ᠬᠠᠮ ᠠᠷᠭ᠎ᠠ ᠬᠡᠮᠵᠢᠶ᠎ᠡ 》 ᠶᠢ ᠰᠠᠶᠢᠲᠤᠷ | ᠬᠡᠷᠡᠭᠵᠢᠭᠦᠯᠬᠦ ᠬᠡᠷᠡᠭᠲᠡᠢ ᠃ ᠬᠠᠤᠯᠢᠵᠢᠯ ᠤᠨ | ᠪᠠᠲᠤᠯᠠᠭ᠎ᠠ ᠶᠢᠴᠢᠩᠭᠠᠳᠬᠠᠵᠤ ᠂ ᠠᠮᠢ ᠠᠬᠤᠢ ᠣᠷᠴᠢᠨ ᠲᠣᠭᠤᠷᠢᠨ | ᠂ ᠡᠬᠢ ᠪᠠᠶᠠᠯᠢᠭ ᠡᠨᠧᠷᠭᠢ ᠵᠡᠷᠭᠡ ᠬᠦᠷᠢᠶᠡᠨ ᠤ ᠬᠤᠯᠪᠣᠭᠳᠠᠯ | ᠪᠦᠬᠦᠢ ᠬᠠᠤᠯᠢ ᠴᠠᠭᠠᠵᠠ ᠶᠢ ᠲᠣᠭᠲᠠᠭᠠᠬᠤ ᠪᠠᠵᠠᠰᠠᠪᠤᠷᠢ | ᠣᠷᠣᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ | ᠭᠠᠵᠠᠷ ᠳᠡᠭᠡᠷᠡᠬᠢ ᠪᠠ ᠭᠠᠵᠠᠷ ᠳᠣᠣᠷᠠᠬᠢ ᠂ ᠡᠬᠡ ᠬᠠᠭᠤᠷᠠᠢ ᠪᠠ | ᠳᠠᠯᠠᠢ ᠲᠠᠩᠭᠢᠰ ᠢᠨᠢᠭᠡᠳᠦᠯᠲᠡᠢ ᠲᠥᠯᠥᠪᠵᠢᠭᠦᠯᠬᠦ ᠂ ᠣᠷᠣᠨ | ᠪᠦᠰᠡ ᠬᠤᠯᠪᠤᠭᠠᠯᠠᠨ ᠬᠥᠳᠡᠯᠦᠯᠴᠡᠬᠦ ᠬᠠᠮᠤᠭ ᠤᠨ ᠴᠢᠩᠭ᠎ᠠ ᠠᠮᠢ | ᠠᠬᠤᠢ ᠣᠷᠴᠢᠨ ᠲᠣᠭᠤᠷᠢᠨ ᠤ ᠵᠠᠰᠠᠯᠲᠠ ᠶᠢᠨ | ᠳᠦᠷᠢᠮ ᠢᠬᠡᠷᠡᠭᠵᠢᠭᠦᠯᠵᠦ ᠂ ᠪᠣᠬᠢᠷᠳᠤᠯ ᠭᠠᠳᠠᠭᠰᠢᠯᠠᠭᠤᠯᠬᠤ | ᠵᠥᠪᠰᠢᠶᠡᠷᠡᠯ ᠤᠨ ᠳᠦᠷᠢᠮ ᠢ ᠪᠦᠭᠦ ᠲᠠᠯ᠎ᠠ ᠪᠠᠷ | ᠬᠡᠷᠡᠭᠵᠢᠭᠦᠯᠵᠦ ᠂ ᠪᠠᠶᠢᠭᠠᠯᠢ ᠶᠢᠨ ᠡᠬᠢ ᠪᠠᠶᠠᠯᠢᠭ | ᠡᠳ᠋ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ | ᠰᠢᠰᠲ᠋ᠧᠮ ᠢ ᠲᠡᠭᠦᠯᠳᠡᠷᠵᠢᠭᠦᠯᠵᠦ ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ | ᠬᠡᠷᠡᠭᠴᠡᠭᠡ ᠶᠢᠨᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠬᠦ ᠬᠡᠷᠡᠭᠲᠡᠢ ᠃ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠤ ᠠᠬᠤᠢ ᠶᠢᠨ | ᠲᠦᠷᠦ ᠶᠢᠨᠪᠣᠳᠣᠯᠭᠠ ᠶᠢ ᠲᠡᠭᠦᠯᠳᠡᠷᠵᠢᠭᠦᠯᠵᠦ ᠂ ᠡᠳ᠋ ᠤᠨ | ᠵᠠᠰᠠᠭ ᠤᠨ ᠳᠡᠮᠵᠢᠯᠭᠡ ᠂ ᠭᠠᠶᠢᠯᠢ ᠲᠠᠲᠠᠪᠤᠷᠢ ᠶᠢᠨ | ᠲᠦᠷᠦ ᠶᠢᠨ ᠪᠣᠳᠣᠯᠭ᠎ᠠ ᠶᠢᠨ ᠳᠡᠮᠵᠢᠯᠭᠡ ᠂ ᠮᠥᠩᠭᠦᠨ | ᠭᠦᠢᠯᠭᠡᠭᠡᠨ ᠤᠳᠡᠮᠵᠢᠯᠭᠡ ᠂ ᠦᠨ᠎ᠡ ᠬᠠᠩᠰᠢ ᠶᠢᠨ ᠲᠦᠷᠦ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ ᠃ | ᠪᠦᠲᠦᠮᠵᠢᠲᠡᠢ ᠵᠠᠬ᠎ᠠ ᠳᠡᠯᠭᠡᠭᠦᠷ ᠪᠣᠯᠣᠨ | ᠵᠢᠳᠬᠦᠯᠴᠢᠷᠮᠠᠶᠢᠯᠭᠠ ᠲᠠᠢ ᠵᠠᠰᠠᠭ ᠤᠨ ᠣᠷᠳᠣᠨ ᠤ ᠨᠡᠩ | ᠰᠠᠶᠢᠨ ᠤᠶᠠᠯᠳᠤᠯ ᠢ ᠠᠬᠢᠭᠤᠯᠵᠤ ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠂ ᠡᠨᠧᠷᠭᠢ ᠬᠡᠷᠡᠭᠯᠡᠬᠦ ᠡᠷᠬᠡ ᠂ | ᠤᠰᠤ ᠬᠡᠷᠡᠭᠯᠡᠬᠦ ᠡᠷᠬᠡ ᠂ ᠪᠣᠬᠢᠷᠳᠤᠯ ᠭᠠᠳᠠᠭᠰᠢᠯᠠᠭᠤᠯᠬᠤ | ᠡᠷᠬᠡ ᠵᠡᠷᠭᠡ ᠡᠬᠢ ᠪᠠᠶᠠᠯᠢᠭ ᠣᠷᠴᠢᠨ ᠲᠣᠭᠤᠷᠢᠨ ᠤ | ᠡᠯᠧᠮᠧᠨ᠋ᠲ ᠢ ᠨᠢᠭᠡ ᠴᠣᠭᠴᠠᠵᠢᠭᠤᠯᠤᠨ ᠴᠢᠬᠤᠯᠠᠡᠯᠧᠮᠧᠨ᠋ᠲ ᠤᠨ | ᠵᠠᠬ᠎ᠠ ᠳᠡᠯᠭᠡᠭᠦᠷᠴᠢᠯᠡᠨ ᠲᠣᠬᠢᠷᠠᠭᠤᠯᠬᠤ | ᠥᠭᠡᠷᠡᠴᠢᠯᠡᠯᠲᠡ ᠶᠢᠨ ᠶᠡᠷᠦᠩᠬᠡᠢ ᠬᠡᠪᠴᠢᠶᠡᠨ ᠳᠤ ᠣᠷᠣᠭᠤᠯᠵᠤ | ᠂ ᠰᠢᠯᠵᠢᠭᠦᠯᠦᠨ ᠥᠭᠬᠦ ᠂ ᠬᠤᠳᠠᠯᠳᠤᠨ ᠥᠭᠬᠦ ᠂ ᠪᠠᠷᠢᠴᠠᠭᠠᠯᠠᠬᠤ | ᠂ ᠬᠤᠪᠢ ᠣᠷᠣᠭᠤᠯᠬᠤ ᠵᠡᠷᠭᠡ ᠵᠠᠬ᠎ᠠ ᠳᠡᠯᠭᠡᠭᠦᠷ ᠤᠨ | ᠠᠷᠠᠯᠵᠢᠶᠠᠨ ᠤ ᠠᠵᠢᠯᠯᠠᠭ᠎ᠠ ᠶᠢ ᠲᠡᠮᠵᠢᠵᠤ ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ | ᠂ ᠣᠷᠴᠢᠨ ᠲᠣᠭᠤᠷᠢᠨ ᠤ ᠵᠠᠰᠠᠯᠲᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠵᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠤ ᠦᠢᠯᠡᠰ ᠪᠣᠯᠣᠨ ᠣᠷᠴᠢᠨ ᠲᠣᠭᠤᠷᠢᠨ ᠤ ᠦᠢᠯᠡᠴᠢᠯᠡᠭᠡᠨ ᠤ | ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠂ | ᠰᠢᠨᠡᠪᠣᠬᠢᠷᠳᠤᠯ ᠪᠣᠳᠠᠰ ᠢ ᠵᠠᠰᠠᠬᠤ ᠵᠡᠷᠭᠡ ᠶᠢ ᠤᠯᠤᠰ ᠤᠨ | ᠰᠠᠭᠤᠷᠢ ᠰᠤᠳᠤᠯᠭᠠᠨ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ | ᠭᠤᠣᠯᠳᠠᠯᠭ᠎ᠠ ᠲᠠᠢᠬᠦᠷᠢᠶᠡ ᠪᠤᠯᠭᠠᠵᠤ ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ | ᠴᠢᠩᠭ᠎ᠠ ᠠᠳᠬᠤᠵᠤ ᠂ ᠠᠮᠢ ᠠᠬᠤᠢ ᠣᠷᠴᠢᠨ | ᠲᠣᠭᠤᠷᠢᠨ ᠤᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠶᠡᠭᠡ ᠠᠵᠢᠯᠯᠠᠭ᠎ᠠ ᠶᠢ | ᠬᠡᠷᠡᠭᠵᠢᠭᠦᠯᠵᠦ ᠂ ᠥᠨᠳᠥᠷ ᠲᠦᠪᠰᠢᠨ ᠪᠦᠬᠦᠢ ᠠᠮᠢ ᠠᠬᠤᠢᠣᠷᠴᠢᠨ | ᠲᠣᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ | ᠪᠣᠶᠢᠵᠢᠭᠤᠯᠵᠤ ᠂ ᠵᠣᠬᠢᠶᠠᠮᠠᠯ ᠤᠶᠤᠨ ᠴᠢᠳᠠᠪᠤᠷᠢᠵᠡᠷᠭᠡ | ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠶᠢ | ᠭᠦᠨᠵᠡᠭᠡᠶᠢᠷᠡᠭᠦᠯᠵᠦ ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠲᠣᠭᠠᠴᠢᠯᠠᠭᠰᠠᠨ ᠵᠠᠰᠠᠯᠲᠠ ᠶᠢᠨᠰᠢᠰᠲ᠋ᠧᠮ ᠢ | ᠪᠠᠶᠢᠭᠤᠯᠵᠤ ᠂ ᠪᠣᠬᠢᠷᠳᠤᠯ ᠦᠭᠡᠢ ᠣᠶᠤᠨᠴᠢ ᠲᠣᠭᠠᠴᠢᠯᠠᠭᠰᠠᠨ | ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠴᠢᠬᠤᠯᠠ ᠬᠠᠷᠠᠯᠲᠠ ᠮᠥᠨ ᠂ ᠡᠷᠬᠡᠪᠰᠢ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠬᠡᠷᠡᠭᠲᠡᠢ ᠃ ᠨᠠᠮ ᠤᠨ ᠲᠥᠪ | ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠪᠦᠭᠦ ᠲᠠᠯ᠎ᠠ ᠪᠠᠷ ᠠᠬᠢᠭᠤᠯᠬᠤ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠬᠦ ᠪᠣᠯᠣᠨ᠎ᠠ ᠃ ᠡᠯ᠎ᠡ | ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ | ᠪᠤᠳᠣᠯ ᠢᠶᠠᠨ ᠲᠠᠰᠤᠷᠠᠯᠲᠠ ᠦᠭᠡᠢ ᠴᠢᠩᠭᠠᠳᠬᠠᠵᠤ ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ | ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶᠠᠪᠣᠯᠣᠨ | ᠵᠠᠰᠠᠭ ᠤᠨ ᠣᠷᠳᠣᠨ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰᠡᠭᠦᠷᠭᠡᠯᠡᠵᠦ ᠂ ᠣᠷᠣᠨ ᠨᠤᠲᠤᠭ ᠤᠨ | ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ | ᠳᠦᠷᠢᠮ ᠢᠱᠠᠯᠠᠪᠳᠠᠨ ᠰᠤᠳᠤᠯᠤᠨ ᠲᠣᠭᠲᠠᠭᠠᠵᠤ ᠂ ᠪᠦᠭᠦ | ᠲᠠᠯ᠎ᠠ ᠶᠢ ᠬᠠᠮᠤᠷᠤᠭᠰᠠᠨ ᠂ ᠡᠷᠬᠡ ᠬᠠᠷᠢᠭᠤᠴᠠᠯᠭ᠎ᠠ | ᠨᠢᠭᠡᠳᠦᠯᠲᠡᠢ ᠂ ᠱᠠᠩᠨᠠᠵᠤ ᠲᠣᠷᠭᠠᠬᠤ ᠲᠣᠳᠣᠷᠬᠠᠢ ᠂ ᠭᠤᠭᠴᠤᠭ᠎ᠠ | ᠪᠦᠭᠦᠨ ᠢ ᠬᠤᠯᠪᠣᠭᠰᠠᠨ ᠬᠠᠷᠢᠭᠤᠴᠠᠯᠭ᠎ᠠ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠠᠮᠢ ᠠᠬᠤᠢ ᠶᠢᠨᠪᠣᠯᠪᠠᠰᠤᠨ ᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ | ᠲᠠᠩᠰᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ | ᠠᠵᠢᠯ ᠬᠤᠪᠢᠶᠠᠷᠢᠯᠠᠨ ᠬᠠᠷᠢᠭᠤᠴᠠᠬᠤ ᠶᠢᠴᠢᠩᠭᠠᠳᠬᠠᠵᠤ ᠂ | ᠵᠣᠬᠢᠴᠠᠭᠤᠯᠵᠤ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ ᠂ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ ᠬᠦᠴᠦᠷᠬᠡᠭ ᠶᠡᠭᠡ ᠬᠠᠮᠲᠤᠷᠠᠯᠬᠦᠴᠦᠨ ᠢ | ᠪᠦᠷᠢᠯᠳᠦᠭᠦᠯᠬᠦ ᠬᠡᠷᠡᠭᠲᠡᠢ ᠃ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠠᠮᠢᠠᠬᠤᠢ ᠶᠢᠨ ᠪᠣᠯᠪᠠᠰᠤᠨ ᠤ | ᠬᠠᠮᠠᠭᠠᠯᠠᠯᠲᠠ ᠶᠢᠨ ᠬᠠᠤᠯᠢᠵᠢᠯ ᠤᠨ ᠪᠠᠶᠢᠭᠤᠯᠤᠯᠲᠠ ᠪᠠ | ᠬᠠᠤᠯᠢ ᠴᠠᠭᠠᠵᠠ ᠶᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ ᠂ ᠡᠯ᠎ᠡ ᠱᠠᠲᠤᠨ ᠤ ᠤᠯᠤᠰ | ᠲᠦᠷᠦ ᠶᠢᠨ ᠵᠥᠪᠯᠡᠯᠭᠡᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠤᠰᠬᠠᠢ ᠰᠡᠳᠦᠪ ᠢᠶᠠᠷ ᠵᠥᠪᠯᠡᠬᠦ ᠪᠠ | ᠠᠷᠠᠳᠴᠢᠯᠠᠯ ᠢᠶᠠᠷᠬᠢᠨᠠᠯᠲᠠ ᠲᠠᠯᠪᠢᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ ᠃ ᠲᠥᠪ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤᠬᠤᠷᠴᠠ ᠰᠡᠯᠡᠮ᠎ᠡ ᠶᠢᠨ ᠦᠢᠯᠡᠳᠦᠯ ᠢ | ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | | | | | | | | | | | | | | | | | | | | | | | | | | | | | | | | | | | | | | | | | | | | | | | | | | | | | | | | |