ᠰᠢ ᠶᠢᠨ ᠫᠢᠩ ᠴᠧᠩᠳᠦ᠋ ᠶᠢᠨ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨᠶᠣᠰᠣᠯᠠᠯ ᠳᠤ ᠣᠷᠣᠯᠴᠠᠬᠤ ᠶᠢᠨ ᠬᠠᠮᠲᠤ ᠭᠠᠳᠠᠭᠠᠳᠤ ᠶᠠᠪᠤᠳᠠᠯ ᠤᠨ ᠰᠢᠷᠢᠰ ᠠᠵᠢᠯᠯᠠᠭ᠎ᠠ ᠥᠷᠨᠢᠭᠦᠯᠦᠨ᠎ᠡ
  
2023/7/26
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 24  ᠴᠠᠭᠢᠯᠭᠠᠨ ᠮᠡᠳᠡᠭᠡ   ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠬᠤᠸᠠ ᠴᠦᠨ ᠶᠢᠩ 24 ᠡᠳᠦᠷ᠄ ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠴᠧᠩᠳᠦ᠋ ᠶᠢᠨ 31 ᠳ᠋ᠦ᠋ᠭᠡᠷ ᠬᠤᠭᠤᠴᠠᠭᠠᠨ ᠤᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠤᠯᠠᠯ ᠳᠤ ᠣᠷᠣᠯᠴᠠᠵᠤ᠂ ᠳᠤᠮᠳᠠᠳᠤ ᠤᠯᠤᠰ ᠲᠤ ᠢᠷᠡᠵᠦᠡᠬᠢᠯᠡᠯᠲᠡ ᠶᠢᠨ ᠶᠣᠰᠤᠯᠠᠯ ᠳᠤ ᠣᠷᠣᠯᠴᠠᠬᠤ ᠪᠥᠭᠡᠳ ᠠᠶᠢᠯᠴᠢᠯᠠᠯᠲᠠ ᠬᠢᠬᠦ ᠭᠠᠳᠠᠭᠠᠳᠤ ᠤᠯᠤᠰ ᠤᠨ ᠤᠳᠤᠷᠢᠳᠬᠤ ᠬᠦᠮᠦᠰ ᠢ ᠤᠭᠲᠤᠬᠤ ᠳᠠᠶᠢᠯᠠᠯᠭ᠎ᠠ ᠪᠠᠬᠤᠯᠪᠤᠭᠳᠠᠯ ᠪᠦᠬᠦᠢ ᠬᠤᠶᠠᠷ ᠲᠠᠯ᠎ᠠ ᠶᠢᠨ ᠠᠵᠢᠯᠯᠠᠭ᠎ᠠ ᠶᠠᠪᠤᠭᠳᠠᠭᠤᠯᠬᠤ ᠪᠠᠷ ᠪᠤᠢ ᠭᠡᠵᠦ ᠨᠡᠶᠢᠲᠡᠯᠡᠪᠡ᠃          ᠳᠤᠮᠳᠠᠳᠤ ᠤᠯᠤᠰ ᠲᠤ ᠢᠷᠡᠵᠦ ᠡᠬᠢᠯᠡᠯᠲᠡ ᠶᠢᠨ ᠶᠣᠰᠤᠯᠠᠯ ᠳᠤ ᠣᠷᠣᠯᠴᠠᠬᠤ ᠪᠥᠭᠡᠳ ᠠᠶᠢᠯᠴᠢᠯᠠᠯᠲᠠ ᠬᠢᠬᠦ ᠭᠠᠳᠠᠭᠠᠳᠤ ᠤᠯᠤᠰ ᠤᠨ ᠤᠳᠤᠷᠢᠳᠬᠤᠬᠦᠮᠦᠰ ᠲᠤ᠄  ᠪᠦᠭᠦᠳᠡ ᠨᠠᠶᠢᠷᠠᠮᠳᠠᠬᠤ ᠢᠨᠳᠦᠨᠧᠰᠢᠶ᠎ᠠ ᠤᠯᠤᠰ ᠤᠨ ᠶᠡᠷᠦᠩᠬᠡᠶᠢᠯᠡᠭᠴᠢ ᠽᠦᠸᠧᠺᠧ᠂ ᠪᠦᠭᠦᠳᠡ ᠨᠠᠶᠢᠷᠠᠮᠳᠠᠬᠤ ᠮᠠᠦ᠋ᠷᠢᠲᠠᠨᠢᠶ᠎ᠠ ᠤᠯᠤᠰ ᠤᠨᠶᠡᠷᠦᠩᠬᠡᠶᠢᠯᠡᠭᠴᠢ ᠵᠢᠶᠠᠽᠧᠨᠢ᠂ ᠪᠦᠭᠦᠳᠡ ᠨᠠᠶᠢᠷᠠᠮᠳᠠᠬᠤ ᠪᠦᠷᠦ᠋ᠨᠳᠢ ᠤᠯᠤᠰ ᠤᠨ ᠶᠡᠷᠦᠩᠬᠡᠶᠢᠯᠡᠭᠴᠢ ᠡᠸ᠋ᠨ᠋ᠳᠠᠶᠢᠱᠮᠢᠶᠧ᠂ ᠪᠦᠭᠦᠳᠡ ᠨᠠᠶᠢᠷᠠᠮᠳᠠᠬᠤ ᠭᠢᠶᠠᠨᠠ ᠤᠯᠤᠰ ᠤᠨᠶᠡᠷᠦᠩᠬᠡᠶᠢᠯᠡᠭᠴᠢ ᠠᠯᠢ᠂ ᠭᠷᠦ᠋ᠽᠢᠶᠠ ᠤᠯᠤᠰ ᠤᠨ ᠶᠡᠷᠦᠩᠬᠡᠶᠢᠯᠡᠭᠴᠢ ᠰᠠᠶᠢᠳ ᠺᠠᠯᠢᠪᠠᠱᠣᠸᠢᠯᠢ᠂ ᠪᠦᠭᠦᠳᠡ ᠨᠠᠶᠢᠷᠠᠮᠳᠠᠬᠤ ᠹᠢᠵᠢ ᠤᠯᠤᠰ ᠤᠨ ᠶᠡᠷᠦᠩᠬᠡᠶᠢᠯᠡᠭᠴᠢ ᠰᠠᠶᠢᠳᠯᠠᠨᠪᠦ᠋ᠺᠠ ᠨᠠᠷ ᠪᠤᠢ᠃ 
  ᠥᠪᠥᠷ ᠮᠣᠩᠭᠤᠯ ᠤᠨ ᠡᠳᠦᠷ ᠤᠨ ᠰᠣᠨᠢᠨ