| | | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 24 ᠤ | ᠴᠠᠭᠢᠯᠭᠠᠨ ᠮᠡᠳᠡᠭᠡ 7 ᠰᠠᠷ᠎ᠠ ᠶᠢᠨ 21 ᠤ ᠡᠳᠦᠷ ᠂ ᠨᠠᠮ ᠤᠨ ᠲᠥᠪ | ᠬᠤᠷᠢᠶ᠎ᠠ ᠵᠦᠩᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ | ᠶᠠᠷᠢᠯᠴᠠᠬᠤ ᠬᠤᠷᠠᠯ ᠬᠤᠷᠠᠯᠳᠤᠭᠤᠯᠵᠤ ᠂ ᠣᠳᠣᠬᠠᠨ ᠤ ᠠᠵᠤ | ᠠᠬᠤᠢ ᠶᠢᠨ ᠪᠠᠶᠢᠳᠠᠯ ᠪᠣᠯᠣᠨ ᠳᠣᠣᠷ᠎ᠠ ᠬᠠᠭᠠᠰᠵᠢᠯ ᠤᠨ ᠠᠵᠤ | ᠠᠬᠤᠢ ᠶᠢᠨ ᠠᠵᠢᠯ ᠤᠨ ᠲᠤᠬᠠᠢ ᠡᠯ᠎ᠡ ᠠᠷᠠᠳᠴᠢᠯᠠᠭᠰᠠᠨ ᠨᠠᠮ | ᠪᠦᠯᠦᠭ ᠤᠨ ᠲᠥᠪ ᠬᠤᠷᠢᠶ᠎ᠠ ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤᠬᠤᠯᠪᠤᠭᠠ ᠶᠢᠨ ᠬᠠᠷᠢᠭᠤᠴᠠᠯᠭᠠᠲᠠᠨ ᠪᠣᠯᠣᠨ | ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠶᠢᠨ | ᠰᠠᠨᠠᠯ ᠰᠠᠨᠠᠭᠤᠯᠭ᠎ᠠ ᠶᠢ ᠰᠣᠨᠣᠰᠪᠠ ᠃ ᠨᠠᠮ ᠤᠨ | ᠲᠥᠪᠬᠤᠷᠢᠶᠠ ᠶᠢᠨ ᠶᠡᠷᠦᠩᠬᠡᠢ ᠱᠦᠵᠢ ᠰᠢ ᠶᠢᠨ ᠫᠢᠩ | ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ | ᠶᠠᠷᠢᠶ᠎ᠠ ᠲᠠᠯᠪᠢᠵᠤ ᠂ ᠳᠣᠣᠷ᠎ᠠ ᠬᠠᠭᠠᠰ ᠵᠢᠯ ᠤᠨ | ᠠᠵᠤᠠᠬᠤᠢ ᠶᠢᠨ ᠠᠵᠢᠯ ᠢ ᠰᠠᠶᠢᠲᠤᠷ ᠬᠢᠬᠦ ᠳᠤ ᠂ ᠲᠣᠭᠲᠠᠭᠤᠨ ᠤ | ᠳᠤᠮᠳᠠ ᠠᠬᠢᠯᠲᠠ ᠲᠠᠢ ᠪᠠᠶᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ | ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ | ᠬᠥᠭᠵᠢᠯᠲᠡ ᠶᠢᠨ ᠪᠠᠶᠢᠷᠢᠰᠢᠯ ᠢᠲᠦᠷᠭᠡᠳᠬᠡᠨ ᠪᠠᠶᠢᠭᠤᠯᠵᠤ ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠂ ᠬᠤᠷᠸ᠎ᠠ ᠲᠥᠷᠥ ᠶᠢᠨ | ᠪᠣᠳᠣᠯᠭ᠎ᠠ ᠶᠢᠨ ᠡᠵᠡᠮᠰᠢᠯ ᠲᠣᠬᠢᠷᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠂ ᠢᠲᠡᠭᠡᠯ ᠵᠣᠷᠢᠭ ᠢ | ᠬᠥᠪᠴᠢᠯᠡᠬᠦ ᠂ ᠠᠶᠤᠯ ᠲᠦᠭᠰᠢᠭᠦᠷᠢ ᠶᠢ | ᠰᠡᠷᠭᠡᠶᠢᠯᠡᠬᠦ ᠳᠤᠬᠦᠴᠦ ᠣᠷᠣᠭᠤᠯᠵᠤ ᠂ ᠠᠵᠤ ᠠᠬᠤᠢ ᠶᠢᠨ | ᠡᠷᠭᠢᠯᠲᠡ ᠶᠢ ᠦᠷᠭᠦᠯᠵᠢᠯᠡᠨ ᠰᠠᠶᠢᠵᠢᠷᠠᠭᠤᠯᠬᠤ ᠂ ᠳᠣᠲᠣᠭᠠᠳᠤ | ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠂ | ᠨᠡᠶᠢᠭᠡᠮ ᠤᠨ ᠵᠢᠱᠢᠯᠲᠡ ᠶᠢ ᠦᠷᠭᠦᠯᠵᠢᠯᠡᠨ ᠰᠠᠶᠢᠵᠢᠷᠠᠭᠤᠯᠬᠤ | ᠂ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ | ᠠᠷᠢᠯᠭᠠᠬᠤ ᠶᠢ ᠲᠠᠰᠤᠷᠠᠯᠲᠡ ᠦᠭᠡᠢᠠᠬᠢᠭᠤᠯᠵᠤ ᠂ ᠠᠵᠤ | ᠠᠬᠤᠢ ᠶᠢᠨ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ | ᠬᠡᠮᠵᠢᠶᠡᠨ ᠤ ᠵᠣᠬᠢᠰᠲᠠᠢ ᠨᠡᠮᠡᠭᠳᠡᠯ ᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠂ ᠼᠠᠢ | ᠴᠢ ᠂ ᠳ᠋ᠢᠩ ᠰᠢᠤᠸᠠᠢ ᠰᠢᠶᠠᠩᠶᠠᠷᠢᠯᠴᠠᠬᠤ ᠬᠤᠷᠠᠯ ᠳᠤ | ᠣᠷᠣᠯᠴᠠᠪᠠ ᠃ ᠯᠢ ᠴᠢᠶᠠᠩ ᠨᠠᠮ ᠤᠨ ᠲᠥᠪ ᠬᠤᠷᠢᠶ᠎ᠠ ᠶᠢᠨ | ᠨᠠᠶᠢᠳᠠᠯᠭ᠎ᠠ ᠪᠠᠷ ᠳᠡᠭᠡᠷ᠎ᠡ ᠬᠠᠭᠠᠰ ᠵᠢᠯ ᠤᠨ ᠠᠵᠤ | ᠠᠬᠤᠢ ᠶᠢᠨ ᠠᠵᠢᠯ ᠤᠨᠬᠤᠯᠪᠣᠭᠳᠠᠯ ᠪᠦᠬᠦᠢ ᠪᠠᠶᠢᠳᠠᠯ ᠢ | ᠮᠡᠳᠡᠭᠳᠡᠵᠦ ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ | ᠠᠵᠢᠯ ᠤᠨ ᠬᠤᠯᠪᠣᠭᠳᠠᠯ ᠪᠦᠬᠦᠢ ᠪᠣᠳᠣᠯᠬᠢᠯᠠᠯ ᠢ | ᠲᠠᠨᠢᠯᠴᠠᠭᠤᠯᠪᠠ ᠃ | ᠶᠠᠷᠢᠯᠴᠠᠬᠤ ᠬᠤᠷᠠᠯ ᠳᠡᠭᠡᠷ᠎ᠡ ᠂ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ | ᠲᠡᠷᠢᠭᠦᠯᠡᠭᠴᠢ ᠵᠧᠩ ᠵᠢᠶᠠᠨ ᠪᠠᠩ ᠂ | ᠠᠷᠠᠳᠴᠢᠯᠠᠭᠰᠠᠨᠬᠤᠯᠪᠤᠭᠠ ᠶᠢᠨ ᠲᠥᠪ ᠬᠤᠷᠢᠶ᠎ᠠ ᠶᠢᠨ | ᠲᠡᠷᠢᠭᠦᠯᠡᠭᠴᠢ ᠳ᠋ᠢᠩ ᠵᠥᠩ ᠯᠢ ᠂ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠤᠨ ᠲᠥᠪ | ᠬᠤᠷᠢᠶ᠎ᠠ ᠶᠢᠨᠲᠡᠷᠢᠭᠦᠯᠡᠭᠴᠢ ᠬᠤᠤ ᠮᠢᠩ ᠶᠢᠨ ᠂ | ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ | ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ ᠂ ᠲᠠᠷᠢᠶᠠᠴᠢᠨ | ᠠᠵᠢᠯᠴᠢᠨ ᠤᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ | ᠲᠡᠷᠢᠭᠦᠯᠡᠭᠴᠢ ᠾᠧ ᠸᠧᠢ ᠂ ᡁᠢᠭᠦ᠋ᠩᠳᠠᠩ ᠨᠠᠮ ᠤᠨ ᠲᠥᠪ | ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ ᠂《9 · 3 | 》 ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ | ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ ᠂ ᠲᠠᠶᠢᠸᠠᠨ ᠤ | ᠠᠷᠠᠳᠴᠢᠯᠠᠯ ᠢᠶᠠᠷ ᠥᠪᠡᠷᠲᠡᠭᠡᠨᠵᠠᠰᠠᠬᠤ ᠬᠤᠯᠪᠤᠭ᠎ᠠ ᠶᠢᠨ | ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠶ ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠲᠡᠷᠢᠭᠦᠯᠡᠭᠴᠢᠭᠤᠤ ᠶᠦᠨ ᠯᠦᠩ ᠂ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢ ᠹᠠᠨ ᠵᠢᠶᠧ ᠤᠷᠢᠳ ᠬᠤᠵᠢᠳ ᠦᠭᠡ | ᠬᠡᠯᠡᠪᠡ ᠃ ᠲᠡᠳᠡ ᠳᠤᠮᠳᠠᠳᠤ ᠤᠯᠤᠰ ᠤᠨ ᠡᠪᠬᠠᠮᠲᠤ ᠨᠠᠮ ᠤᠨ ᠲᠥᠪ | ᠬᠤᠷᠢᠶ᠎ᠠ ᠶᠢᠨ ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ | ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠠ ᠳᠣᠣᠷ᠎ᠠ | ᠬᠠᠭᠠᠰᠵᠢᠯ ᠤᠨ ᠠᠵᠤ ᠠᠬᠤᠢ ᠶᠢᠨ ᠠᠵᠢᠯ ᠤᠨ ᠲᠤᠬᠠᠢ | ᠲᠥᠯᠦᠪᠵᠢᠭᠦᠯᠭᠡ ᠪᠣᠳᠣᠯᠬᠢᠯᠠᠯ ᠢ ᠪᠦᠷᠢᠮᠦᠰᠦᠨ | ᠵᠥᠪᠰᠢᠶᠡᠷᠡᠵᠦ ᠪᠠᠶᠢᠬᠤ ᠪᠥᠭᠡᠳ ᠥᠨᠳᠥᠷ ᠲᠦᠪᠰᠢᠨ | ᠪᠦᠬᠦᠢᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ | ᠠᠬᠢᠭᠤᠯᠬᠤ ᠂ ᠰᠦᠯᠵᠢᠶᠡᠨ ᠤ ᠡᠮᠬᠢ ᠵᠠᠮᠪᠠᠷᠠᠭ᠎ᠠ ᠦᠭᠡᠢ | ᠦᠵᠡᠭᠳᠡᠯ ᠢ ᠵᠠᠰᠠᠬᠤ ᠡᠷᠴᠢᠮ ᠢ ᠴᠢᠩᠭᠠᠷᠠᠭᠤᠯᠬᠤ ᠂ | ᠵᠣᠬᠢᠶᠠᠮᠠᠯ ᠣᠶᠤᠨ ᠴᠢᠳᠠᠪᠤᠷᠢ ᠶᠢᠨ ᠰᠢᠨ᠎ᠡ ᠶᠢ ᠡᠭᠦᠳᠬᠦ | ᠬᠥᠭᠵᠢᠯᠲᠡ ᠶᠢ ᠲᠦᠷᠭᠡᠳᠬᠡᠬᠦ ᠂ ᠠᠵᠤ ᠦᠢᠯᠡᠰ ᠤᠨ ᠬᠡᠯᠬᠢᠶ᠎ᠡ | ᠴᠢᠳᠠᠪᠤᠷᠢᠲᠠᠨ ᠤ ᠬᠡᠯᠬᠢᠶ᠎ᠡ ᠶᠢᠨᠠᠭᠤᠰᠤᠯᠴᠠᠯ ᠢ | ᠴᠢᠩᠭᠠᠳᠬᠠᠬᠤ ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠢ ᠲᠦᠷᠭᠡᠳᠬᠡᠨ ᠬᠥᠭᠵᠢᠭᠦᠯᠬᠦ ᠂ ᠰᠢᠨ᠎ᠡ | ᠭᠡᠯᠪᠡᠷᠢ ᠶᠢᠨ ᠬᠡᠷᠡᠭᠯᠡᠭᠡ ᠶᠢᠨᠬᠥᠭᠵᠢᠯᠲᠡ ᠶᠢ ᠠᠬᠢᠭᠤᠯᠬᠤ | ᠂ ᠦᠢᠯᠡᠳᠬᠦ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢᠨᠢᠭᠡᠳᠦᠯᠲᠡᠢ ᠲᠥᠯᠥᠪᠵᠢᠭᠦᠯᠦᠨ | ᠰᠢᠯᠢᠳᠡᠭᠵᠢᠭᠦᠯᠬᠦ ᠂ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ | ᠰᠢᠨ᠎ᠡ ᠲᠤᠯᠭᠠᠭᠤᠷᠢᠠᠵᠤ ᠦᠢᠯᠡᠰ ᠢ ᠶᠡᠭᠡ ᠪᠠᠷ | ᠪᠣᠶᠢᠵᠢᠭᠤᠯᠬᠤ ᠂ ᠰᠢᠨ᠎ᠡ ᠶᠢ ᠡᠭᠦᠳᠬᠦ ᠬᠡᠯᠬᠢᠶ᠎ᠡ ᠪᠠ ᠠᠵᠤ | ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ | ᠬᠠᠮᠵᠢᠯᠴᠠᠭᠤᠯᠬᠤ ᠵᠡᠷᠭᠡᠲᠠᠯᠠ ᠪᠠᠷ ᠰᠠᠨᠠᠯ ᠰᠠᠨᠠᠭᠤᠯᠭ᠎ᠠ | ᠳᠤᠷᠠᠳᠴᠠᠢ ᠃ | ᠤᠯᠠᠨ ᠤ ᠬᠡᠯᠡᠬᠦ ᠶᠢ ᠨᠠᠷᠢᠨ ᠬᠢᠨᠠᠮᠠᠭᠠᠢ | ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ ᠃ ᠲᠡᠷᠡ ᠂ ᠤᠯᠠᠨ ᠢᠶᠠᠷ ᠢᠶᠠᠨ ᠳᠣᠣᠷᠠᠬᠠᠭᠠᠰ | ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ | ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ ᠃ ᠪᠢᠳᠠ | ᠨᠠᠷᠢᠨ ᠬᠢᠨᠠᠮᠠᠭᠠᠢ ᠰᠤᠳᠤᠯᠵᠤ ᠂ ᠢᠳᠡᠪᠬᠢᠲᠡᠢ ᠪᠠᠷ ᠭᠥᠯᠢᠶᠡᠨ | ᠠᠪᠤᠨ᠎ᠠ ᠭᠡᠵᠦ ᠢᠯᠡᠳᠬᠡᠪᠡ ᠃ | ᠰᠢ ᠶᠢᠨ ᠫᠢᠩ ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠪᠠᠲᠤ ᠴᠢᠩᠭᠠᠤᠳᠤᠷᠢᠳᠤᠯᠭᠠ ᠳᠣᠣᠷ᠎ᠠ ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ ᠂ ᠬᠤᠷᠸ᠎ᠠ ᠲᠦᠷᠦ ᠶᠢᠨ ᠪᠣᠳᠣᠯᠭ᠎ᠠ | ᠡᠮᠦᠨ᠎ᠡ ᠨᠢ ᠣᠷᠣᠵᠤ ᠬᠠᠮᠵᠢᠯᠴᠠᠨ ᠬᠦᠴᠦᠯᠡᠵᠦ ᠂ | ᠤᠯᠤᠰᠠᠷᠠᠳ ᠤᠨ ᠠᠵᠤ ᠠᠬᠤᠢ ᠦᠷᠭᠦᠯᠵᠢᠯᠡᠨ ᠰᠡᠷᠭᠦᠵᠦ ᠂ | ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠠᠵᠤ | ᠦᠢᠯᠡᠰ ᠤᠨ ᠳᠡᠰ ᠳᠡᠪᠰᠢᠯᠳᠠ ᠢᠯᠡᠳᠲᠡ ᠦᠷᠡᠪᠦᠲᠦᠮᠵᠢ ᠣᠯᠵᠤ ᠂ | ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ ᠂ | ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠦᠲᠦᠮᠵᠢᠲᠡᠢ | ᠪᠠᠲᠤᠯᠠᠵᠤ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠬᠦᠴᠦᠲᠡᠢ ᠪᠥᠭᠡᠳ ᠪᠦᠲᠦᠮᠵᠢᠲᠡᠢ ᠪᠤᠯᠭᠠᠵᠤ ᠂ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ | ᠪᠤᠯᠭᠠᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠪᠠ ᠃ ᠮᠠᠨ ᠤ ᠤᠯᠤᠰ ᠤᠨ ᠠᠵᠤ ᠠᠬᠤᠢ ᠶᠢᠨ | ᠰᠡᠷᠭᠦᠯᠲᠡ ᠶᠢᠨ ᠬᠤᠷᠳᠤᠴᠠ ᠪᠦᠭᠦ ᠪᠥᠮᠪᠥᠷᠴᠡᠭ ᠤᠨ ᠭᠤᠣᠯ | ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠲᠦᠷᠦᠭᠦᠯᠡᠬᠦ | ᠪᠠᠶᠢᠷᠢᠨ ᠳᠤᠣᠷᠣᠰᠢᠵᠤ ᠂ ᠤᠷᠳᠤ ᠬᠤᠭᠤᠴᠠᠭᠠᠨ ᠤ | ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠬᠤᠪᠢᠷᠠᠭ᠎ᠠ | ᠦᠭᠡᠢ ᠂ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ | ᠪᠠᠶᠢᠨᠠᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠠᠨ ᠤ ᠠᠵᠤ ᠠᠬᠤᠢ ᠶᠢᠨ ᠡᠷᠭᠢᠯᠲᠡ ᠳᠤ | ᠲᠤᠯᠭᠠᠷᠠᠵᠤ ᠪᠠᠶᠢᠭ᠎ᠠ ᠲᠣᠪᠣᠶᠢᠮ᠎ᠠ ᠵᠥᠷᠢᠴᠡᠯ ᠪᠣᠯᠣᠨ | ᠠᠰᠠᠭᠤᠳᠠᠯ ᠳᠤ ᠴᠢᠭᠯᠡᠭᠦᠯᠦᠨ ᠂ ᠬᠤᠷᠸ᠎ᠠ ᠲᠥᠷᠥ ᠶᠢᠨ | ᠪᠣᠳᠣᠯᠭ᠎ᠠ ᠶᠢᠨ ᠡᠵᠡᠮᠰᠢᠯ ᠲᠣᠬᠢᠷᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ ᠂ ᠶᠡᠷᠦᠩᠬᠡᠢ | ᠬᠡᠷᠡᠭᠴᠡᠭᠡ ᠶᠢ ᠢᠳᠡᠪᠬᠢᠲᠡᠢ ᠥᠷᠭᠡᠳᠬᠡᠨ ᠂ ᠠᠵᠤᠦᠢᠯᠡᠰ ᠢ | ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠶᠡᠭᠡ ᠪᠠᠷ | ᠠᠬᠢᠭᠤᠯᠵᠤ ᠂ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ ᠥᠨᠳᠥᠷ ᠲᠦᠪᠰᠢᠨ | ᠪᠦᠬᠦᠢᠨᠡᠭᠡᠭᠡᠯᠲᠡ ᠶᠢ ᠥᠷᠭᠡᠳᠬᠡᠨ ᠂ ᠭᠤᠣᠯᠳᠠᠯᠭ᠎ᠠ ᠲᠠᠢ | ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ ᠂ ᠠᠷᠠᠳ ᠤᠨ | ᠠᠮᠢᠳᠤᠷᠠᠯ ᠢᠪᠠᠲᠤᠯᠠᠨ ᠰᠠᠶᠢᠵᠢᠷᠠᠭᠤᠯᠬᠤ ᠠᠵᠢᠯ ᠢ ᠦᠨᠡᠨ ᠬᠦ | ᠰᠠᠶᠢᠲᠤᠷ ᠬᠢᠵᠦ ᠂ ᠠᠵᠤ ᠠᠬᠤᠢ ᠶᠢᠨ ᠦᠷᠭᠦᠯᠵᠢᠯᠡᠨ ᠰᠡᠷᠭᠦᠨ | ᠰᠠᠶᠢᠵᠢᠷᠠᠬᠤ ᠶᠢ ᠠᠬᠢᠭᠤᠯᠤᠨ ᠂ ᠪᠦᠭᠦ | ᠵᠢᠯ ᠤᠨᠬᠥᠭᠵᠢᠯᠲᠡ ᠶᠢᠨ ᠬᠠᠷᠠᠯᠲᠠ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠡᠭᠡᠷ᠎ᠡ ᠬᠠᠭᠠᠰ ᠵᠢᠯ ᠳᠤ ᠂ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠨᠠᠮ | ᠪᠦᠯᠦᠭ ᠤᠨ ᠪᠤᠰᠤ ᠬᠥᠮᠥᠰ ᠨᠠᠮᠪᠣᠯᠣᠨ ᠤᠯᠤᠰ ᠤᠨ ᠭᠤᠣᠯ | ᠠᠵᠢᠯ ᠤᠨ ᠲᠣᠭᠤᠷᠢᠨ ᠳᠤ ᠂ ᠬᠡᠷᠡᠭᠯᠡᠭᠡ ᠶᠢ ᠰᠡᠷᠭᠦᠭᠡᠬᠦ ᠪᠠ | ᠥᠷᠭᠡᠳᠬᠡᠬᠦ ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ | ᠰᠠᠶᠢᠲᠠᠢᠬᠥᠭᠵᠢᠯᠲᠡ ᠶᠢ ᠲᠦᠷᠭᠡᠳᠬᠡᠨ ᠠᠬᠢᠭᠤᠯᠬᠤ ᠂ | ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦᠵᠡᠷᠭᠡ | ᠴᠢᠬᠤᠯᠠ ᠶᠡᠭᠡ ᠰᠡᠳᠦᠪ ᠤᠨ ᠲᠣᠭᠤᠷᠢᠨ ᠳᠤ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ ᠂ ᠰᠠᠨᠠᠯ ᠰᠠᠨᠠᠭᠤᠯᠭ᠎ᠠ | ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ ᠂ | ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠳᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠠᠮᠢᠳᠤᠯᠢᠭ ᠢᠶᠠᠷ ᠥᠨᠳᠥᠷ | ᠪᠦᠲᠦᠮᠵᠢᠲᠡᠢᠥᠷᠨᠢᠭᠦᠯᠵᠦ ᠂ ᠨᠠᠮ ᠤᠨ ᠲᠥᠪ ᠬᠤᠷᠢᠶ᠎ᠠ ᠶᠢᠨ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠪᠠ | ᠭᠡᠵᠦᠴᠢᠬᠤᠯᠠᠴᠢᠯᠠᠪᠠ ᠃ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠤᠯᠠᠨ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ | ᠨᠠᠮ ᠪᠦᠯᠦᠭ ᠤᠨ ᠪᠤᠰᠤᠬᠥᠮᠥᠰ ᠲᠤ 3 ᠲᠠᠯ᠎ᠠ ᠶᠢᠨ ᠬᠦᠰᠡᠯ | ᠳᠤᠷᠠᠳᠴᠠᠢ ᠃ ᠨᠢᠭᠡ ᠳᠤ ᠂ ᠦᠵᠡᠯ ᠰᠠᠨᠠᠭ᠎ᠠ ᠪᠠᠨ ᠨᠢᠭᠡᠳᠬᠡᠵᠦ | ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ | ᠦᠵᠡᠯᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠᠮᠠᠭᠠᠳᠯᠠᠯᠲᠠ | ᠳᠡᠭᠡᠷ᠎ᠡ ᠴᠢᠨᠠᠭᠰᠢᠳᠠ ᠨᠢᠭᠡᠳᠬᠡᠵᠦ ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠦᠷᠦ ᠶᠢᠨ | ᠪᠣᠳᠣᠯᠭ᠎ᠠ ᠪᠣᠯᠣᠨᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠣᠶᠢᠯᠠᠭᠠᠨ | ᠣᠨᠣᠪᠴᠢᠲᠠᠢ ᠡᠵᠡᠮᠰᠢᠵᠦ ᠂ ᠬᠦᠴᠦ ᠪᠠᠨ ᠬᠠᠮᠲᠤᠳᠬᠠᠨ | ᠤᠷᠤᠭᠰᠢᠯᠠᠯᠲᠠ ᠶᠢᠨᠳᠤᠮᠳᠠᠬᠢ ᠡᠯ᠎ᠡ ᠵᠦᠢᠯ ᠤᠨ ᠠᠶᠤᠯ | ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭ᠋ᠤ ᠬᠡᠷᠡᠭᠲᠡᠢ ᠃ | ᠬᠤᠶᠠᠷ ᠲᠤ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ | ᠂ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠤᠨ ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠂ ᠣᠳᠣᠬᠢᠴᠢᠯᠠᠭᠰᠠᠨ ᠠᠵᠤ ᠦᠢᠯᠡᠰ ᠤᠨᠰᠢᠰᠲ᠋ᠧᠮ ᠢ | ᠲᠦᠷᠭᠡᠳᠬᠡᠨ ᠪᠠᠶᠢᠭᠤᠯᠬᠤ ᠂ ᠭᠤᠣᠯᠳᠠᠯᠭ᠎ᠠ ᠲᠠᠢ | ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠬᠤ ᠵᠡᠷᠭᠡ | ᠴᠢᠬᠤᠯᠠ ᠶᠡᠭᠡ ᠠᠰᠠᠭᠤᠳᠠᠯ ᠲᠠᠢᠤᠶᠠᠯᠳᠤᠭᠤᠯᠤᠨ ᠂ | ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ ᠂ | ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ | ᠤᠬᠠᠭᠠᠨ ᠳᠡᠪᠰᠢᠭᠦᠯᠬᠦᠬᠡᠷᠡᠭᠲᠡᠢ ᠃ ᠭᠤᠷᠪᠠ ᠳᠤ ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ ᠂ ᠨᠠᠮ | ᠪᠣᠯᠣᠨ ᠵᠠᠰᠠᠭ ᠤᠨᠣᠷᠳᠣᠨ ᠳᠤ ᠬᠠᠮᠵᠢᠨ ᠰᠡᠵᠢᠭᠯᠡᠯ ᠢ | ᠠᠯᠳᠠᠷᠠᠭᠠᠵᠤ ᠂ ᠵᠢᠱᠢᠯᠲᠡ ᠶᠢ ᠬᠥᠲᠥᠯᠥᠨ ᠵᠢᠯᠤᠭᠤᠳᠴᠤ ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠦᠵᠡᠯ ᠰᠠᠨᠠᠭ᠎ᠠ | ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ ᠂ ᠬᠠᠮᠢᠶ᠎ᠠ ᠪᠦᠬᠦᠢᠰᠠᠯᠠᠭ᠎ᠠ ᠮᠥᠴᠢᠷ ᠲᠠᠢ | ᠬᠠᠮᠵᠢᠯᠴᠠᠨ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ ᠂ ᠡᠵᠡᠩᠨᠡᠯᠲᠡ ᠶᠢᠨᠭᠤᠣᠯ ᠴᠣᠭᠴᠠ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ | ᠬᠥᠭᠵᠢᠭᠡᠬᠦ ᠬᠡᠷᠡᠭᠲᠡᠢ ᠃ | ᠱᠢ ᠲᠠᠢ ᠹᠧᠩ ᠂ ᠯᠢᠦ ᠭᠦᠸᠧ ᠵᠦᠩ ᠂ ᠾᠧ ᠯᠢ ᠹᠧᠩ ᠂ ᠵᠠᠩ ᠭᠦᠸᠧ | ᠴᠢᠩ ᠂ ᠦ᠋ ᠵᠧᠩ ᠯᠦᠩ ᠂ ᠨᠠᠮ ᠤᠨ ᠲᠥᠪ ᠬᠤᠷᠢᠶ᠎ᠠ ᠂ ᠲᠦᠷᠦ ᠶᠢᠨ | ᠶᠠᠪᠤᠳᠠᠯ ᠤᠨᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠪᠠ ᠃ | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ | ᠬᠥᠮᠥᠰ ᠲᠤ ᠪᠠᠰᠠ ᠱᠤᠤ ᠬᠤᠩ ᠂ ᠾᠧ ᠪᠦᠦ ᠰᠢᠶᠠᠩ ᠂ ᠸᠠᠩ ᠭᠤᠸᠠᠩ | ᠴᠢᠶᠠᠨ ᠂ ᠴᠢᠨ ᠪᠦᠸᠧ ᠶᠦᠩ ᠂ ᠵᠦ ᠶᠦᠩ ᠰᠢᠨ ᠂ ᠶᠠᠩ ᠵᠧᠨ ᠪᠣᠯᠣᠨ | ᠵᠠᠩ ᠧᠨ ᠳ᠋ᠢ ᠂ ᠯᠢ ᠶᠤᠸᠠᠢ ᠹᠧᠩ ᠂ ᠹᠠᠩ ᠭᠤᠸᠠᠩ ᠬᠤᠸᠠ ᠂ ᠶᠠᠩ ᠸᠧᠨ | ᠯᠢᠶᠠᠩ ᠨᠠᠷ ᠪᠤᠢ ᠃ | | | |