| | 6 ᠰᠠᠷ᠎ᠠ ᠶᠢᠨ 28 ᠡᠳᠦᠷ ᠂ 2023 ᠳᠡᠯᠡᠬᠡᠢ ᠶᠢᠨ ᠰᠢᠨ᠎ᠡ | ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠣᠷᠳᠣᠰ ᠲᠤ | ᠡᠬᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠡᠭᠢᠯᠡᠯᠲᠡ ᠶᠢᠨ ᠶᠣᠰᠣᠯᠠᠯ ᠳᠤ | ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠵᠡᠢ ᠃ | | | | | | | | | | | | | | | | | | | | ᠲᠣᠰ ᠤᠳᠠᠭ᠎ᠠ ᠶᠢᠨ ᠶᠡᠭᠡ ᠬᠤᠷᠠᠯ ᠳᠤ ᠠᠵᠢᠯ | ᠲᠥᠷᠥᠯ ᠤᠨ ᠬᠢᠨ ᠤ ᠰᠣᠳᠣᠴᠤᠤᠯ ᠂ ᠠᠵᠤ ᠠᠬᠤᠶᠢᠯᠠᠯ ᠤᠨ | ᠭᠠᠷᠮᠠᠭᠠᠶᠢᠴᠤᠳ ᠂ ᠲᠤᠰᠬᠠᠢ ᠮᠡᠷᠭᠡᠵᠢᠯᠲᠡᠨ ᠡᠷᠳᠡᠮᠲᠡᠨ ᠢ | ᠤᠷᠢᠵᠤ ᠂ ᠮᠡᠷᠭᠡᠵᠢᠯ ᠂ ᠠᠵᠤ ᠦᠢᠯᠡᠰ ᠂ ᠲᠥᠷᠥ ᠶᠢᠨ ᠪᠣᠳᠣᠯᠭ᠎ᠠ ᠂ | ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠦᠭᠰᠡᠨ | ᠠᠮᠵᠢᠯᠲᠠ ᠲᠠᠢ ᠲᠤᠷᠰᠢᠯᠭ᠎ᠠ ᠪᠣᠯᠣᠨ ᠬᠥᠭᠵᠢᠯᠲᠡ ᠶᠢᠨ | ᠬᠠᠨᠳᠤᠰᠢ ᠶᠢ ᠬᠠᠮᠲᠤ ᠪᠠᠷ ᠰᠣᠯᠢᠯᠴᠠᠵᠤ ᠂ ᠡᠨᠧᠷᠭᠢ ᠶᠢᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ | ᠠᠬᠢᠭᠤᠯᠬᠤ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ | ᠂ ᠣᠶᠤᠨ ᠤᠬᠠᠭᠠᠨ ᠢ ᠲᠥᠪᠯᠡᠷᠡᠭᠦᠯᠪᠡ ᠃ ᠬᠤᠷᠠᠯ ᠤᠨ | ᠬᠤᠭᠤᠴᠠᠭᠠᠨ ᠳᠤ ᠂ ᠰᠢᠨ᠎ᠡ ᠡᠨᠧᠷᠭᠢ ᠪᠠ ᠰᠢᠨ᠎ᠡ | ᠮᠠᠲ᠋ᠧᠷᠢᠶᠠᠯ ᠤᠨ ᠲᠥᠷᠥᠯ ᠵᠦᠢᠯ ᠳᠤ ᠲᠥᠪᠯᠡᠷᠡᠭᠦᠯᠦᠨ ᠭᠡᠷ᠎ᠡ | ᠲᠣᠭᠲᠠᠬᠤ ᠶᠢᠨ ᠬᠠᠮᠲᠤ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠦᠵᠡᠭᠦᠯᠭᠡ ᠂ ᠰᠢᠨ᠎ᠡ ᠡᠨᠧᠷᠭᠢ ᠶᠢᠨ | ᠶᠠᠷᠢᠶᠠᠨ ᠤ ᠲᠠᠪᠴᠠᠩ ᠪᠠ ᠨᠡᠭᠦᠷᠡᠰᠦ ᠪᠠᠷ ᠰᠠᠭᠤᠷᠢ | ᠪᠤᠯᠭᠠᠬᠰᠠᠨ ᠰᠢᠨ᠎ᠡ ᠮᠠᠲ᠋ᠧᠷᠢᠶᠠᠯ ᠤᠨ ᠶᠠᠷᠢᠶᠠᠨ ᠤ ᠲᠠᠪᠴᠠᠩ | ᠂ ᠤᠰᠤᠲᠥ᠋ᠷᠥᠭᠴᠢ ᠡᠨᠧᠷᠭᠢ ᠶᠢᠨ ᠲᠤᠰᠬᠠᠶᠢᠵᠢᠭᠰᠠᠨ | ᠨᠠᠷᠢᠯᠢᠭᠵᠢᠭᠰᠠᠨ ᠣᠨᠴᠠᠯᠢᠬᠵᠢᠬᠰᠠᠨ ᠰᠢᠨ᠎ᠡ ᠦᠢᠯᠡᠰ | ᠪᠣᠰᠬᠠᠬᠤ ᠤᠷᠤᠯᠳᠤᠭᠠᠨ ᠪᠠ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠥᠷᠢᠰᠦᠯᠳᠦᠭᠡᠨᠲᠦ ᠤᠷᠤᠯᠳᠤᠭᠠᠨ ᠢ ᠡᠷᠭᠢᠯᠡᠨ᠎ᠡ ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ | ᠡᠭᠢᠯᠡᠯᠲᠡ ᠶᠢᠨ ᠶᠣᠰᠣᠯᠠᠯ ᠢ ᠡᠷᠭᠢᠯᠡᠪᠡ ᠃ ᠣᠯᠠᠨ ᠤᠯᠤᠰ ᠤᠨ | ᠡᠨᠧᠷᠭᠢ ᠶᠢᠨ ᠵᠠᠬᠢᠷᠭ᠎ᠠ ᠂ ᠣᠯᠠᠨ ᠤᠯᠤᠰ ᠤᠨ ᠳᠠᠬᠢᠯᠲᠠ ᠪᠤᠯᠬᠤ | ᠡᠨᠧᠷᠭᠢ ᠶᠢᠨ ᠵᠠᠬᠢᠷᠭ᠎ᠠ ᠶᠢᠨ ᠬᠤᠯᠪᠣᠭᠳᠠᠯ ᠪᠦᠬᠦᠢ ᠬᠥᠮᠥᠰ | ᠸᠢᠳᠢᠤ᠋ ᠪᠠᠷ ᠳᠠᠮᠵᠢᠭᠤᠯᠤᠨ ᠶᠡᠭᠡ ᠬᠤᠷᠠᠯ ᠳᠤ ᠪᠠᠶᠠᠷ ᠤᠨ | ᠦᠭᠡ ᠬᠡᠯᠡᠪᠡ ᠃ | | | | | | ᠬᠤᠷᠠᠯ ᠠᠴᠠ ᠡᠮᠦᠨ᠎ᠡ ᠂ ᠸᠠᠩ ᠯᠢ ᠰᠢᠶᠠ ᠲᠤᠰ ᠲᠤᠰ ᠳᠤᠮᠳᠠᠳᠤ | ᠤᠯᠤᠰ ᠤᠨ ᠨᠡᠭᠦᠷᠡᠰᠦᠨ ᠤ ᠡᠨᠧᠷᠭᠢ ᠶᠢᠨ ᠪᠦᠯᠦᠭᠯᠡᠯ ᠤᠨ | ᠬᠡᠷᠡᠭ ᠮᠡᠳᠡᠭᠴᠢᠳ ᠤᠨ ᠳᠠᠷᠤᠭ᠎ᠠ ᠸᠠᠩ ᠱᠣ᠋ ᠳ᠋ᠦᠩ ᠂ ᠳᠤᠮᠳᠠᠳᠤ | ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢᠦ | ᠵᠢᠶᠠ ᠴᠢᠶᠠᠩ ᠪᠣᠯᠣᠨ ᠳᠤᠮᠳᠠᠳᠤ ᠤᠯᠤᠰ ᠤᠨ ᠬᠥᠬᠡᠮᠥ᠋ᠷᠡᠨ ᠤ | ᠭᠤᠷᠪᠠᠨ ᠬᠠᠪᠴᠢᠯ ᠤᠨ ᠪᠦᠯᠦᠭᠯᠡᠯ ᠤᠨ ᠶᠡᠷᠦᠩᠬᠡᠢ | ᠳᠠᠭᠠᠭᠠᠮᠠᠯ ᠬᠠᠨ ᠵᠢᠶᠦ᠋ᠨ ᠲᠠᠢ ᠠᠭᠤᠯᠵᠠᠪᠠ ᠃ | | | | | | | | | | | | | | |