ᠰᠢ ᠶᠢᠨ ᠫᠢᠩ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠠᠭᠤᠯᠵᠠᠪᠠ
  
2023/7/31
      ᠰᠢᠨᠬᠤᠸᠠ ᠬᠤᠷᠢᠶ᠎ᠠ ᠶᠢᠨ ᠴᠧᠩᠳᠦ᠋ ᠶᠢᠨ 7 ᠰᠠᠷ᠎ᠠ ᠶᠢᠨ 27  ᠴᠠᠭᠢᠯᠭᠠᠨ ᠮᠡᠳᠡᠭᠡ        7 ᠰᠠᠷ᠎ᠠ ᠶᠢᠨ 27 ᠦᠳᠡ ᠶᠢᠨ ᠬᠤᠶᠢᠨ᠎ᠠ ᠂ ᠤᠯᠤᠰ ᠤᠨᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃
 77707e011303d7cfe848bd75f2cabdea_6382613787065924918440944.jpg  
      ᠰᠢᠨᠬᠤᠸᠠ ᠬᠤᠷᠢᠶ᠎ᠠ ᠶᠢᠨ ᠴᠧᠩᠳᠦ᠋ ᠶᠢᠨ 7 ᠰᠠᠷ᠎ᠠ ᠶᠢᠨ 27 ᠴᠠᠭᠢᠯᠭᠠᠨ ᠮᠡᠳᠡᠭᠡ   7 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃     7 ᠰᠠᠷ᠎ᠠ ᠶᠢᠨ 27 ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃  ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠢᠨ ᠪᠦᠸᠧ ᠭᠦ᠋   ᠰᠡᠭᠦᠳᠡᠷᠯᠡᠪᠡ       ᠰᠢ ᠶᠢᠨ ᠫᠢᠩ ᠂ ᠨᠢᠳᠤᠨᠤᠨ ᠪᠢ ᠶᠡᠷᠦᠩᠬᠡᠶᠢᠯᠡᠭᠴᠢ ᠽᠦᠸᠸᠺᠧ ᠲᠠᠢ ᠬᠠᠮᠲᠤ ᠪᠠᠷ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠭᠰᠡᠨ ᠪᠢᠯᠡ ᠃ ᠤᠯᠤᠰ ᠤᠨ ᠣᠳᠣᠬᠢᠴᠢᠯᠠᠯᠲᠠ ᠪᠣᠯᠣᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦᠵᠠᠮ ᠳᠡᠭᠡᠷ᠎ᠡ ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠶᠢᠨ ᠣᠶᠢᠯᠠᠭᠠᠭᠳᠠᠬᠤᠨ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ ᠂ ᠬᠠᠷᠢᠯᠴᠠᠨ ᠬᠥᠭᠵᠢᠯᠲᠡ ᠶᠢᠨ ᠠᠵᠠᠲᠣᠭᠢᠶᠠᠯ ᠬᠠᠩᠭᠠᠵᠤ ᠂ ᠵᠣᠷᠢᠯᠲᠠ ᠠᠳᠠᠯᠢ ᠵᠠᠮ ᠨᠢᠭᠡᠲᠡᠢ ᠬᠠᠨᠢ ᠂ ᠰᠠᠶᠢᠨ ᠬᠠᠨᠢᠲᠠᠨ ᠪᠣᠯᠤᠭᠰᠠᠨ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠡᠨᠡ ᠵᠢᠯ ᠬᠤᠶᠠᠷᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ ᠂ ᠢᠨᠳᠤᠨᠧᠰᠢᠶ᠎ᠠ ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠥᠭᠵᠢᠵᠦ ᠪᠠᠶᠢᠭ᠎ᠠ ᠤᠯᠤᠰ ᠤᠳ ᠤᠨ ᠬᠤᠪᠢ ᠵᠠᠶᠠᠭ᠎ᠠ ᠪᠠᠨᠬᠠᠮᠲᠤᠳᠬᠠᠵᠤ ᠂ ᠪᠦᠯᠬᠦᠮᠳᠡᠨ ᠬᠠᠮᠲᠤᠷᠠᠯᠴᠠᠵᠤ ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ ᠂ ᠭᠠᠵᠠᠷ ᠣᠷᠣᠨ ᠪᠠ ᠳᠡᠯᠡᠬᠡᠢᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠠ ᠢᠳᠡᠪᠬᠢ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃          ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠦᠭᠡ ᠪᠠᠶᠢᠩᠭᠤ ᠶᠢᠨ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ 《 2 + 2 》 ᠶᠠᠷᠢᠯᠴᠠᠭᠠᠨ ᠤ ᠲᠣᠭᠲᠠᠴᠠ ᠶᠢ ᠡᠬᠢᠯᠡᠭᠦᠯᠵᠦ ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠶᠢ ᠪᠠᠶᠢᠭᠤᠯᠤᠨ᠎ᠠ ᠃ 《 ᠨᠢᠭᠡ ᠪᠦᠰᠡ ᠨᠢᠭᠡ ᠵᠠᠮ 》 ᠤᠨ ᠰᠠᠨᠠᠭᠠᠴᠢᠯᠠᠭ᠎ᠠ ᠪᠣᠯᠣᠨ ᠢᠨᠳᠤᠨᠧᠰᠢᠶ᠎ᠠ ᠶᠢᠨ 《 ᠪᠦᠭᠦ ᠪᠥᠮᠪᠥᠷᠴᠡᠭ ᠤᠨᠳᠠᠯᠠᠢ ᠲᠠᠩᠭᠢᠰ ᠤᠨ ᠲᠤᠯᠬᠤ ᠴᠡᠭ》 ᠤᠨ ᠲᠥᠰᠥᠪᠯᠡᠯ ᠤᠨ ᠵᠣᠯᠭᠠᠯᠴᠠᠭ᠎ᠠ ᠴᠢᠬᠤᠯᠠ ᠶᠡᠭᠡ ᠦᠷ᠎ᠡ ᠪᠦᠲᠦᠭᠡᠯ ᠣᠯᠪᠠ ᠃ ᠵᠠᠺᠠᠷᠲ᠋ᠠ — ᠪᠠᠨᠳᠦ᠋ᠩ ᠤᠨ ᠲᠦᠷᠭᠡᠨ ᠤᠲᠡᠮᠦᠷ ᠵᠠᠮ ᠤᠳᠠᠯ ᠦᠭᠡᠢ ᠲᠡᠷᠭᠡ ᠨᠡᠪᠲᠡᠷᠡᠬᠦ ᠪᠣᠯᠣᠨ᠎ᠠ ᠂ ᠬᠤᠶᠠᠷ ᠲᠠᠯ᠎ᠠ ᠪᠠᠷ ᠢᠶᠠᠨ 《 ᠡᠴᠦᠰ ᠤᠨ ᠨᠢᠭᠡ ᠺᠢᠯᠣᠮᠧᠲᠷ 》 ᠤᠨ ᠪᠦᠲᠦᠭᠡᠨ ᠪᠠᠶᠢᠭᠤᠯᠤᠯᠲᠠ ᠶᠢ ᠪᠦᠭᠦᠬᠦᠴᠦᠨ ᠢᠶᠠᠷ ᠢᠶᠠᠨ ᠰᠠᠶᠢᠲᠤᠷ ᠬᠢᠵᠦ ᠂ ᠲᠥᠷᠥᠯ ᠵᠦᠢᠯ ᠤᠨ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠪᠠᠶᠢᠬᠤ ᠶᠢ ᠦᠨᠡᠨ ᠬᠦ ᠪᠠᠲᠤᠯᠠᠵᠤ ᠂ ᠢᠨᠳᠤᠨᠧᠰᠢᠶ᠎ᠠ ᠶᠢᠨᠬᠥᠭᠵᠢᠯᠲᠡ ᠶᠢᠨ ᠬᠤᠷᠳᠤᠴᠠ ᠶᠢ ᠲᠦᠷᠭᠡᠳᠬᠡᠶ᠎ᠡ ᠃ ᠬᠤᠶᠠᠷ ᠲᠠᠯ᠎ᠠ ᠪᠠᠷ ᠢᠶᠠᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭ᠎ᠠ ᠶᠢᠦᠷᠭᠦᠯᠵᠢᠯᠡᠨ ᠰᠠᠶᠢᠲᠤᠷ ᠬᠢᠵᠦ ᠂ 《ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ》 ᠪᠣᠯᠣᠨ 《ᠬᠤᠶᠠᠷ ᠤᠯᠤᠰ ᠤᠨ ᠬᠤᠣᠰ ᠬᠦᠷᠢᠶᠡᠯᠡᠩ》 ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠶ᠎ᠠ ᠃ ᠳᠤᠮᠳᠠᠳᠤ ᠤᠯᠤᠰ ᠢᠨᠳᠤᠨᠧᠰᠢᠶ᠎ᠠ ᠶᠢᠨ ᠰᠢᠨ᠎ᠡ ᠨᠡᠶᠢᠰᠯᠡᠯ ᠤᠨ ᠪᠦᠲᠦᠭᠡᠨ ᠪᠠᠶᠢᠭᠤᠯᠤᠯᠲᠠᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠨᠡᠭᠡᠭᠡᠨ ᠬᠥᠭᠵᠢᠭᠦᠯᠦᠯᠲᠡ ᠶᠢ ᠳᠡᠮᠵᠢᠵᠦ ᠂ ᠳᠤᠷᠠᠲᠠᠶ᠎ᠠ ᠢᠨᠳᠤᠨᠧᠰᠢᠶ᠎ᠠ ᠯᠦᠭᠡ ᠰᠢᠨ᠎ᠡ ᠡᠨᠧᠷᠭᠢ ᠶᠢᠨ ᠮᠠᠰᠢᠨ ᠲᠡᠷᠭᠡ ᠂ ᠣᠶᠤᠨᠲᠤ ᠬᠤᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠵᠤ ᠦᠢᠯᠡᠰ ᠤᠨ ᠲᠣᠭᠠᠴᠢᠯᠠᠭᠰᠠᠨ ᠲᠡᠶᠢᠰᠢᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠶᠡᠭᠡ ᠬᠡᠮᠵᠢᠶᠡᠨ ᠤ ᠲᠠᠸᠠᠷ ᠪᠣᠯᠣᠨ ᠴᠢᠨᠠᠷᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ  ᠣᠷᠣᠭᠤᠯᠬᠤ ᠶᠢ ᠦᠷᠭᠦᠯᠵᠢᠯᠡᠨ ᠥᠷᠭᠡᠳᠬᠡᠵᠦ ᠂ 《 ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ 》 ᠢ ᠴᠢᠨᠠᠷ ᠰᠠᠶᠢᠲᠠᠢ ᠬᠡᠷᠡᠭᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠴᠥᠭᠡᠳᠬᠡᠨ ᠶᠠᠳᠠᠭᠤ ᠶᠢ ᠲᠡᠳᠬᠦᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠂ ᠬᠡᠯᠡᠨ ᠤ ᠵᠢᠭᠠᠨᠰᠤᠷᠭᠠᠯᠲᠠ ᠂ ᠡᠮ ᠡᠮᠨᠡᠯᠭᠡ ᠡᠷᠡᠭᠦᠯ ᠬᠠᠮᠠᠭᠠᠯᠠᠯ ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠴᠢᠬᠤᠯᠠᠴᠢᠯᠠᠪᠠ ᠃        ᠰᠢ ᠶᠢᠨ ᠫᠢᠩ ᠂ ᠡᠨᠡ ᠵᠢᠯ ᠪᠣᠯ ᠮᠢᠨᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠨᠡᠩ ᠨᠢᠭᠲᠠ ᠬᠤᠪᠢᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠳᠤᠷᠠᠳᠤᠭᠰᠠᠨ 10 ᠵᠢᠯ ᠤᠨ ᠤᠢ ᠪᠤᠯᠬᠤ ᠪᠥᠭᠡᠳ ᠳᠤᠮᠳᠠᠳᠤ ᠤᠯᠤᠰ 《ᠵᠡᠭᠦᠨ ᠡᠮᠦᠨᠡᠲᠦ ᠠᠽᠢᠶ᠎ᠠ ᠶᠢᠨᠨᠥᠭᠦᠷᠰᠡᠭ ᠬᠠᠮᠲᠤᠷᠠᠯᠴᠠᠭᠠᠨ ᠤ ᠭᠡᠷ᠎ᠡ》 ᠳᠤ ᠣᠷᠣᠭᠰᠠᠨ 20 ᠵᠢᠯ ᠤᠨ ᠤᠢ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨᠤᠯᠤᠰ ᠤᠳ ᠤᠨ ᠬᠤᠯᠪᠤᠭ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠂ ᠢᠨᠳᠤᠨᠧᠰᠢᠶ᠎ᠠ ᠶᠢᠨ ᠬᠢᠨ ᠤ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠶᠢ ᠳᠡᠮᠵᠢᠵᠦ ᠂ ᠵᠡᠭᠦᠨ ᠡᠮᠦᠨᠡᠲᠦᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠂ ᠪᠦᠯᠬᠦᠮᠳᠡᠨ ᠬᠦᠴᠦᠷᠬᠡᠭᠵᠢᠬᠦ ᠶᠢ ᠪᠠᠷᠢᠮᠲᠠᠯᠠᠬᠤ ᠶᠢ ᠬᠥᠲᠥᠯᠥᠨᠳᠠᠭᠠᠭᠤᠯᠵᠤ ᠂ ᠭᠠᠵᠠᠷ ᠣᠷᠣᠨ ᠤ ᠲᠣᠭᠲᠠᠭᠤᠨ ᠤ ᠲᠥᠪ ᠂ ᠬᠥᠭᠵᠢᠯᠲᠡ ᠶᠢᠨ ᠥᠨᠳᠦᠷᠯᠢᠭ ᠢ ᠬᠠᠮᠲᠤ ᠪᠠᠷ ᠴᠣᠭᠴᠠᠯᠠᠨ᠎ᠠ ᠃       ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠦᠭᠡ ᠬᠤᠷᠢᠨ ᠤᠯᠤᠰ ᠤᠨ ᠪᠦᠯᠦᠭᠯᠡᠯ ᠪᠣᠯᠣᠨ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠣᠭᠲᠠᠴᠠ ᠳᠠᠬᠢ ᠣᠯᠣᠯᠴᠠᠭ᠎ᠠᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠡᠩᠬᠡ ᠲᠠᠶᠢᠪᠤᠩᠲᠣᠭ ᠲᠠᠭᠤᠨ ᠢ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ ᠽᠦᠸᠸᠺᠧ ᠂ ᠨᠢᠳᠤᠨᠤᠨ ᠪᠢ ᠪᠠᠯᠢ ᠠᠷᠠᠯ ᠳᠤ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢ ᠭᠥᠯᠢᠶᠡᠨ ᠠᠪᠤᠭᠰᠠᠨ ᠠᠴᠠ ᠨᠠᠭᠠᠰᠢ ᠂ ᠬᠤᠶᠠᠷ ᠤᠯᠤᠰ ᠤᠨᠬᠠᠷᠢᠯᠴᠠᠭ᠎ᠠ ᠪᠠᠰᠠ ᠮᠠᠰᠢ ᠤᠯᠠᠨ ᠪᠣᠳᠠᠲᠠᠢ ᠠᠬᠢᠴᠠ ᠲᠠᠢ ᠪᠣᠯᠵᠠᠢ ᠃      ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠡᠨᠡ ᠵᠢᠯ ᠤᠨ 8 ᠰᠠᠷ᠎ᠠ ᠳᠤ ᠲᠣᠭᠲᠠᠭᠰᠠᠨ ᠬᠤᠭᠤᠴᠠᠭᠠᠨ ᠳᠠᠭᠠᠨ ᠲᠡᠷᠭᠡ ᠨᠡᠪᠲᠡᠷᠡᠵᠦ ᠂ ᠳᠤᠮᠳᠠᠳᠤ ᠤᠯᠤᠰ ᠤᠨ ᠬᠢᠨ ᠤ ᠢᠳᠡᠪᠬᠢᠲᠡᠢ ᠣᠷᠣᠯᠴᠠᠵᠤ ᠪᠠᠶᠢᠭ᠎ᠠ ᠢᠨᠳᠤᠨᠧᠰᠢᠶ᠎ᠠ ᠶᠢᠨ ᠰᠢᠨ᠎ᠡᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠢ ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤᠪᠣᠳᠣᠯᠭ᠎ᠠ ᠶᠢᠨ ᠴᠢᠨᠠᠷᠲᠠᠢ ᠲᠥᠷᠥᠯ ᠵᠦᠢᠯ ᠤᠷᠤᠭᠰᠢᠲᠠᠢ ᠶᠠᠪᠤᠭᠳᠠᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠡᠯᠡ ᠣᠷᠣᠭᠤᠯᠤᠯᠲᠠ ᠂ ᠲᠠᠯᠠᠢ ᠲᠠᠩᠭᠢᠰ ᠤᠨ ᠵᠢᠭᠠᠰᠤᠨ ᠤ ᠦᠢᠯᠡᠰ ᠂ ᠠᠮᠤᠪᠤᠳᠠᠭᠠᠨ ᠤ ᠠᠮᠤᠷ ᠲᠦᠪᠰᠢᠨ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠬᠤᠶᠠᠷ ᠤᠯᠤᠰ ᠤᠨᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠤᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨᠪᠣᠯᠪᠠᠰᠤᠨ ᠤ ᠰᠠᠨᠠᠭᠠᠴᠢᠯᠠᠭ᠎ᠠ ᠪᠣᠯ ᠨᠡᠭᠡᠭᠡᠯᠲᠡᠲᠡᠢ ᠪᠠᠭᠲᠠᠭᠠᠮᠵᠢᠲᠠᠢ ᠶᠤᠮ ᠂ ᠢᠨᠳᠤᠨᠧᠰᠢᠶ᠎ᠠ ᠶᠢᠨ ᠬᠢᠨ ᠢᠳᠡᠪᠬᠢᠲᠡᠢ ᠳᠡᠮᠵᠢᠵᠦ ᠪᠠᠶᠢᠨ᠎ᠠ ᠃ ᠳᠤᠮᠳᠠᠳᠤ ᠤᠯᠤᠰ ᠠᠴᠠᠢᠨᠳᠤᠨᠧᠰᠢᠶ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠠᠵᠢᠯ ᠢ ᠳᠡᠮᠵᠢᠵᠦ ᠂ ᠭᠠᠵᠠᠷ ᠣᠷᠣᠨ ᠤᠪᠦᠲᠦᠴᠡ ᠳᠠᠬᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠤᠣᠯ ᠪᠤᠯᠬᠤ ᠪᠠᠶᠢᠷᠢ ᠰᠠᠭᠤᠷᠢ ᠶᠢ ᠬᠠᠮᠠᠭᠠᠯᠠᠬᠤ ᠶᠢ ᠳᠡᠮᠵᠢᠵᠤ ᠪᠠᠶᠢᠬᠤ ᠳᠤᠲᠠᠯᠠᠷᠬᠠᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ ᠂ ᠭᠠᠵᠠᠷᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ ᠃          ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ ᠂ ᠡᠷᠡᠭᠦᠯ ᠬᠠᠮᠠᠭᠠᠯᠠᠯ ᠂ ᠬᠠᠮᠲᠤᠷᠠᠨ ᠰᠤᠳᠤᠯᠤᠨ ᠨᠡᠭᠡᠭᠡᠬᠦ ᠵᠢᠴᠢ ᠢᠨᠳᠤᠨᠧᠰᠢᠶ᠎ᠠ ᠶᠢᠨ ᠰᠢᠨ᠎ᠡ ᠨᠡᠶᠢᠰᠯᠡᠯ ᠂ ᠳᠤᠮᠳᠠᠳᠤ ᠢᠨᠳᠤᠨᠧᠰᠢᠶ᠎ᠠ ᠶᠢᠨ 《ᠬᠤᠶᠠᠷ ᠤᠯᠤᠰ ᠤᠨ ᠬᠤᠣᠰ ᠬᠦᠷᠢᠶᠡᠯᠡᠩ》 ᠤᠨᠪᠦᠲᠦᠭᠡᠨ ᠪᠠᠶᠢᠭᠤᠯᠤᠯᠲᠠ ᠵᠡᠷᠭᠡ ᠬᠤᠶᠠᠷ ᠲᠠᠯ᠎ᠠ ᠶᠢᠨ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠬᠠᠮᠲᠤ ᠪᠠᠷᠭᠡᠷᠡᠴᠢᠯᠡᠪᠡ ᠃          ᠼᠠᠢ ᠴᠢ ᠂ ᠳ᠋ᠢᠩ ᠰᠢᠤᠸᠠᠢ ᠰᠢᠶᠠᠩ ᠂ ᠸᠠᠩ ᠢ ᠂ ᠱᠧᠨ ᠢ ᠴᠢᠨ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃   
  ᠥᠪᠥᠷ  ᠤᠨ ᠡᠳᠦᠷ ᠤᠨ ᠰᠣᠨᠢᠨ