ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨᠵᠢᠷᠭᠤᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ
  
2023/7/5
     7 ᠰᠠᠷ᠎ᠠ ᠶᠢᠨ 3 ᠤ ᠦᠳᠡ ᠶᠢᠨ ᠡᠮᠦᠨ᠎ᠡ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ ᠂ ᠬᠤᠷᠠᠯ ᠤᠨ ᠬᠤᠭᠤᠴᠠᠭ᠎ᠠ ᠨᠢ 2 ᠡᠳᠦᠷ ᠬᠠᠭᠠᠰᠪᠣᠯᠣᠨ᠎ᠠ ᠃       ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠪᠦᠭᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ ᠂ ᠣᠷᠣᠨ ᠳᠠᠶᠠᠭᠠᠷ ᠢ ᠳᠠᠶᠢᠴᠢᠯᠠᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠶᠣᠰᠣᠭᠠᠷ ᠂ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡᠶᠠᠪᠤᠳᠠᠯ ᠢ ᠰᠠᠶᠢᠲᠤᠷ ᠬᠢᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠃        ᠲᠣᠰ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠵᠥᠪᠯᠡᠬᠦ ᠰᠡᠳᠦᠪ ᠪᠣᠯ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠪᠦᠭᠦᠳᠡ ᠬᠤᠷᠠᠯ ᠳᠤ ᠳᠡᠭᠡᠷ᠎ᠡ ᠬᠠᠭᠠᠰᠵᠢᠯ ᠤᠨ ᠠᠵᠢᠯ ᠤᠨ ᠮᠡᠳᠡᠭᠦᠯᠦᠯᠲᠡ ᠬᠢᠭᠰᠡᠨ ᠪᠥᠭᠡᠳ ᠶᠠᠷᠢᠶ᠎ᠠ ᠲᠠᠯᠪᠢᠵᠤ ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ 》 ᠢ ᠬᠢᠨᠠᠨ ᠵᠥᠪᠯᠡᠵᠦ ᠂ ᠡᠯ᠎ᠡ ᠠᠶᠢᠮᠠᠭ ᠬᠤᠲᠠ ᠶᠢᠨ ᠨᠠᠮ ᠤᠨᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ ᠃  
  ᠥᠪᠥᠷ ᠮᠣᠩᠭᠤᠯ ᠤᠨ ᠡᠳᠦᠷ ᠤᠨ ᠰᠣᠨᠢᠨ