ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
  
2023/7/7
       7 ᠰᠠᠷ᠎ᠠ ᠶᠢᠨ 3 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠭᠤᠷᠪᠠᠳᠤᠭᠠᠷᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃       ᠰᠢ ᠶᠢᠨ ᠫᠢᠩ᠂ ᠬᠥᠮᠥᠨ ᠲᠥᠷᠥᠯᠬᠢᠲᠡᠨ ᠤ ᠲᠡᠦᠬᠡ ᠶᠢᠨ ᠤᠷᠳᠤ ᠠᠬᠢᠴᠠ ᠳᠤᠮᠳᠠ᠂ ᠳᠡᠯᠡᠬᠡᠢ ᠶᠢᠨ ᠦᠨᠳᠦᠰᠦᠲᠡᠨ ᠨᠦᠭᠦᠳ ᠲᠤᠰ ᠪᠡᠶ᠎ᠡ ᠶᠢᠨ ᠣᠨᠴᠠᠯᠢᠭᠪᠣᠯᠣᠨ ᠰᠢᠨᠵᠢ ᠲᠡᠮᠳᠡᠭ ᠪᠦᠬᠦᠢ ᠪᠣᠯᠪᠠᠰᠤᠨ ᠢ ᠡᠭᠦᠳᠪᠡ᠃ ᠠᠳᠠᠯᠢ ᠪᠤᠰᠤ ᠪᠣᠯᠪᠠᠰᠤᠨ ᠤ ᠬᠤᠭᠤᠷᠣᠨᠳᠤ ᠡᠷᠬᠡ ᠲᠡᠭᠰᠢ ᠪᠠᠷ ᠰᠣᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠨᠢ ᠬᠥᠮᠥᠨ ᠲᠥᠷᠥᠯᠬᠢᠲᠡᠨ ᠤ ᠴᠠᠭ ᠦᠶ᠎ᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤᠬᠦᠴᠦᠷᠬᠡᠭ ᠶᠡᠭᠡ ᠤᠶᠤᠨ ᠰᠠᠨᠠᠭᠠᠨ ᠤ ᠵᠢᠯᠣᠭᠤᠳᠤᠮᠵᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠭᠡᠬᠦ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠢᠯᠡᠨ ᠳᠠᠪᠠᠵᠤ᠂ ᠪᠣᠯᠪᠠᠰᠤᠨ ᠤ ᠲᠣᠯᠢᠳᠠᠯ ᠢᠶᠠᠷᠪᠣᠯᠪᠠᠰᠤᠨ ᠤ ᠮᠥᠷᠭᠦᠯᠳᠦᠭᠡᠨ ᠢ ᠢᠯᠡᠨ ᠳᠠᠪᠠᠵᠤ᠂ ᠪᠣᠯᠪᠠᠰᠤᠨ ᠤ ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠢᠯᠡᠨ ᠳᠠᠪᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠡᠯ᠎ᠡ ᠤᠯᠤᠰ ᠤᠨ ᠬᠢᠲᠠᠳᠴᠢ ᠡᠷᠳᠡᠮᠲᠡᠳ ᠳᠤᠮᠳᠠᠳᠤ ᠭᠠᠳᠠᠭᠠᠳᠤ ᠶᠢᠨ ᠪᠣᠯᠪᠠᠰᠤᠨ ᠤ ᠠᠭᠤᠰᠤᠯᠴᠠᠨᠨᠡᠪᠲᠡᠷᠡᠯᠴᠡᠬᠦ ᠡᠯᠴᠢ ᠪᠣᠯᠤᠭᠰᠠᠨ ᠤ ᠬᠤᠪᠢ ᠳᠤ᠂ ᠳᠤᠮᠳᠠᠳᠤ ᠭᠠᠳᠠᠭᠠᠳᠤ ᠶᠢᠨ ᠰᠣᠶᠣᠯ ᠢ ᠨᠡᠪᠲᠡᠷᠡᠯᠴᠡᠭᠦᠯᠬᠦ᠂ ᠣᠶᠢᠯᠠᠭᠠᠯᠴᠠᠭ᠎ᠠ ᠨᠥᠬᠦᠷᠯᠡᠯ ᠬᠠᠮᠲᠤᠷᠠᠯᠴᠠᠭ᠎ᠠ ᠶᠢᠵᠤᠵᠠᠭᠠᠳᠬᠠᠬᠤ ᠳᠤ ᠨᠡᠩ ᠢᠳᠡᠪᠬᠢᠲᠡᠢ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃        ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨᠬᠢᠲᠠᠳᠴᠢ ᠡᠷᠳᠡᠮᠲᠡᠳ ᠤᠨ ᠶᠡᠭᠡ ᠬᠤᠷᠠᠯ ᠢ ᠳᠤᠮᠳᠠᠳᠤ ᠤᠯᠤᠰ ᠤᠨ ᠤᠯᠠᠨ ᠤᠯᠤᠰ ᠤᠨ ᠰᠣᠯᠢᠯᠴᠠᠭᠠᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ 3 ᠤ ᠡᠳᠦᠷᠪᠡᠭᠡᠵᠢᠩ ᠳᠤ ᠡᠬᠢᠯᠡᠵᠦ᠂ ᠭᠤᠣᠯ ᠰᠡᠳᠦᠪ ᠨᠢ 《ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠭᠠᠷ ᠬᠤᠯᠪᠣᠨᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠶ᠎ᠠ》ᠪᠣᠯᠣᠨ᠎ᠠ᠃           (ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 3 ᠤ ᠴᠠᠭᠢᠯᠭᠠᠨ ᠮᠡᠳᠡᠭᠡ)   
  ᠥᠪᠥᠷ ᠮᠣᠩᠭᠤᠯ ᠤᠨ ᠡᠳᠦᠷ ᠤᠨ ᠰᠣᠨᠢᠨ