ᠰᠢ ᠶᠢᠨ ᠫᠢᠩ ᠨᠠᠨᠵᠢᠩ ᠤᠨ ᠬᠢᠨᠠᠨ ᠪᠣᠳᠣᠯᠲᠠ ᠶᠢᠨ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨᠠᠩᠭᠢ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠪᠡ
  
2023/7/7
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 5 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 4 ᠤ ᠡᠳᠦᠷ ᠨᠠᠨᠵᠢᠩ ᠤᠨ ᠬᠢᠨᠠᠨ ᠪᠣᠳᠣᠯᠲᠠ ᠶᠢᠨ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨ ᠠᠩᠭᠢ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ ᠂ ᠲᠡᠳᠡᠨ ᠢ ᠤᠯᠤᠰ ᠤᠨ ᠬᠤᠭᠤᠷᠣᠨᠳᠣᠭᠢ ᠨᠥᠬᠦᠷᠯᠡᠯ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ   ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃      ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠲᠠ ᠨᠠᠷ ᠤᠨ ᠳᠤᠮᠳᠠᠳᠤ ᠤᠯᠤᠰ ᠲᠤ ᠰᠤᠷᠤᠯᠴᠠᠬᠤ ᠪᠠᠷ ᠢᠷᠡᠵᠤ ᠂ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠᠪᠣᠯᠣᠨ ᠲᠤᠬᠠᠢ ᠶᠢᠨ ᠭᠠᠵᠠᠷ ᠲᠤ ᠬᠦᠷᠴᠦ ᠰᠤᠷᠪᠤᠯᠵᠢᠯᠠᠬᠤ ᠪᠠᠷ ᠳᠡᠮᠵᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠂ ᠳᠤᠮᠳᠠᠳᠤ ᠤᠯᠤᠰ ᠤᠨᠬᠢᠨᠠᠨ ᠪᠤᠳᠤᠬᠤ ᠳᠦᠷᠢᠮ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠲᠠᠨᠢᠯᠲᠠ ᠪᠠᠨᠭᠦᠨᠵᠡᠭᠡᠶᠢᠷᠡᠭᠦᠯᠵᠦ ᠪᠠᠶᠢᠬᠤ ᠶᠢ ᠣᠯᠵᠤ ᠮᠡᠳᠡᠭᠡᠳ ᠂ ᠪᠢ ᠲᠠ ᠨᠠᠷ ᠤᠨ ᠰᠤᠷᠤᠯᠴᠠᠯᠭ᠎ᠠ ᠶᠡᠬᠡᠬᠡᠨ ᠣᠯᠣᠯᠲᠠ ᠲᠠᠢ ᠪᠣᠯᠤᠭᠰᠠᠨ ᠳᠤ ᠪᠠᠶᠠᠷᠯᠠᠵᠤ ᠪᠠᠶᠢᠨ᠎ᠠ ᠭᠡᠵᠦ ᠬᠡᠯᠡᠪᠡ ᠃      ᠰᠢ ᠶᠢᠨ ᠫᠢᠩ ᠂ ᠳᠤᠮᠳᠠᠳᠤ ᠤᠯᠤᠰ ᠤᠯᠤᠰ ᠤᠨ ᠵᠠᠰᠠᠯᠲᠠ ᠳᠤᠮᠳᠠᠬᠢ ᠬᠢᠨᠠᠨ ᠪᠤᠳᠤᠬᠤ ᠠᠵᠢᠯ ᠤᠨ ᠴᠢᠬᠤᠯᠠ ᠦᠢᠯᠡᠳᠦᠯ ᠢ ᠪᠠᠳᠠᠷᠠᠭᠤᠯᠬᠤ ᠶᠢ ᠢᠮᠠᠭᠲᠠᠴᠢᠬᠤᠯᠠᠴᠢᠯᠠᠭᠰᠠᠭᠠᠷ ᠢᠷᠡᠵᠠᠢ ᠂ ᠤᠯᠠᠨ ᠵᠢᠯ ᠤᠨ ᠰᠦᠪᠡᠭᠴᠢᠯᠡᠯᠲᠡ ᠪᠠᠷ ᠳᠠᠮᠵᠢᠨ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠨᠠᠨ ᠪᠤᠳᠤᠬᠤᠳᠦᠷᠢᠮ ᠢ ᠲᠣᠭᠲᠠᠭᠠᠵᠤ ᠂ ᠲᠥᠪᠯᠡᠷᠡᠩᠭᠦᠢ ᠨᠢᠭᠡᠳᠦᠯᠲᠡᠢ ᠂ ᠪᠦᠭᠦ ᠲᠠᠯ᠎ᠠ ᠶᠢ ᠬᠠᠮᠤᠷᠤᠭᠰᠠᠨ ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ ᠃ ᠲᠠ ᠨᠠᠷ ᠤᠨ ᠳᠤᠮᠳᠠᠳᠤ ᠤᠯᠤᠰ ᠤᠨ ᠠᠵᠢᠯ ᠨᠢᠭᠡᠲᠡᠨ ᠲᠠᠢ ᠰᠣᠯᠢᠯᠴᠠᠭ᠎ᠠ ᠪᠠᠨ ᠴᠢᠩᠭᠠᠳᠬᠠᠵᠤ ᠂ ᠬᠠᠷᠢᠯᠴᠠᠨᠰᠤᠷᠤᠯᠴᠠᠵᠤ ᠬᠠᠷᠢᠯᠴᠠᠨ ᠲᠣᠯᠢᠳᠠᠵᠤ ᠂ ᠬᠢᠨᠠᠨ ᠪᠤᠳᠤᠬᠤ ᠡᠨᠡ ᠬᠦ ᠴᠣᠩᠬᠤᠪᠴᠢ ᠪᠠᠷ ᠳᠠᠮᠵᠢᠭᠤᠯᠤᠨ ᠳᠤᠮᠳᠠᠳᠤ ᠤᠯᠤᠰ ᠢ ᠣᠶᠢᠯᠠᠭᠠᠵᠤ ᠂ ᠤᠯᠤᠰ ᠤᠨᠬᠤᠭᠤᠷᠣᠨᠳᠣᠭᠢ ᠨᠥᠬᠦᠷᠯᠡᠯ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤᠭᠠᠷᠭᠠᠪᠠ ᠃        ᠨᠠᠨᠵᠢᠩ ᠤᠨ ᠬᠢᠨᠠᠨ ᠪᠣᠳᠣᠯᠲᠠ ᠶᠢᠨ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨ ᠠᠩᠭᠢ 2016ᠣᠨ ᠳᠤ ᠪᠠᠶᠢᠭᠤᠯᠤᠭᠳᠠᠵᠤ ᠂ 《 ᠨᠢᠭᠡ ᠪᠦᠰᠡ ᠨᠢᠭᠡ ᠵᠠᠮ 》 ᠳᠠᠭᠠᠤ ᠶᠢᠨ 76 ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠳᠤ 280 ᠭᠠᠷᠤᠢ ᠲᠤᠰᠬᠠᠢᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ ᠥᠭᠴᠡᠢ ᠃ ᠣᠶᠢᠷ᠎ᠠ ᠳᠤ ᠂ ᠲᠣᠰ ᠠᠩᠭᠢ ᠶᠢᠨ 37 ᠰᠣᠷᠣᠬᠴᠢ ᠰᠢ ᠶᠢᠨ ᠫᠢᠩ ᠳᠤ ᠵᠠᠬᠢᠳᠠᠯ ᠪᠢᠴᠢᠵᠦ ᠂ ᠳᠤᠮᠳᠠᠳᠤᠤᠯᠤᠰ ᠲᠤ ᠰᠤᠷᠤᠯᠴᠠᠵᠦ ᠰᠤᠳᠤᠯᠤᠭᠰᠠᠨ ᠲᠥᠷᠥᠭᠳᠡᠯ ᠢᠶᠠᠨ ᠶᠠᠷᠢᠵᠤ ᠂ ᠳᠤᠮᠳᠠᠳᠤ ᠤᠯᠤᠰ ᠲᠠᠬᠢ ᠥᠩᠭᠡᠷᠡᠯᠲᠡ ᠪᠠᠨ ᠥᠨᠢᠳᠡ ᠮᠠᠷᠲᠠᠬᠤ ᠦᠭᠡᠢ ᠂ ᠳᠤᠮᠳᠠᠳᠤ ᠤᠯᠤᠰ ᠯᠤᠭ᠎ᠠ ᠶᠢᠨ ᠬᠠᠶᠢᠷ᠎ᠠ ᠰᠡᠳᠬᠢᠯᠭᠡ ᠪᠠᠨ ᠡᠭᠦᠷᠢᠳᠡ ᠨᠠᠨᠳᠢᠩᠨᠠᠵᠤ ᠂ ᠳᠤᠮᠳᠠᠳᠤ ᠤᠯᠤᠰ ᠪᠣᠯᠣᠨ ᠥᠪᠡᠷ ᠤᠨ ᠢᠶᠠᠨ ᠤᠯᠤᠰ ᠤᠨ ᠨᠥᠬᠦᠷᠯᠡᠯ ᠢ ᠵᠤᠵᠠᠭᠠᠳᠬᠠᠬᠤ ᠡᠯᠴᠢᠪᠤᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠢ ᠃    
  ᠥᠪᠥᠷ ᠮᠣᠩᠭᠤᠯ ᠤᠨ ᠡᠳᠦᠷ ᠤᠨ ᠰᠣᠨᠢᠨ