ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠥᠭᠴᠦ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠵᠦ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠳᠤ ᠲᠠᠯᠪᠢᠵᠤ ᠡᠯ᠎ᠡ ᠲᠥᠷᠥᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ
  
2023/7/7
     ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠥᠭᠪᠡ ᠃       ᠰᠢ ᠶᠢᠨ ᠫᠢᠩ ᠂ ᠣᠶᠢᠷ᠎ᠠ ᠶᠢᠨ ᠡᠳᠦᠷ ᠴᠦᠩᠴᠢᠩ ᠵᠡᠷᠭᠡ ᠭᠠᠵᠠᠷ ᠲᠤ ᠰᠢᠷᠦᠭᠦᠨ ᠪᠣᠷᠣᠭᠠᠨ ᠣᠷᠣᠵᠤ ᠂ ᠵᠠᠷᠢᠮ ᠭᠤᠣᠯ ᠮᠥᠷᠡᠨ ᠳᠤ ᠰᠡᠷᠡᠮᠵᠢ ᠶᠢᠨᠱᠤᠭᠤᠮ ᠠᠴᠠ ᠳᠠᠪᠠᠭᠰᠠᠨ ᠦᠶᠡᠷ ᠤᠨ ᠭᠠᠮᠰᠢᠭ ᠡᠭᠦᠰᠴᠦ ᠂ ᠠᠭᠤᠯᠠᠨ ᠦᠶᠡᠷ ᠪᠣᠯᠣᠨ ᠰᠢᠪᠠᠷ ᠴᠢᠯᠠᠭᠤᠨ ᠤ ᠤᠷᠤᠰᠬᠠᠯ ᠵᠡᠷᠭᠡ ᠭᠧᠣᠯᠣᠭᠢ ᠶᠢᠨ ᠭᠠᠮᠰᠢᠭ ᠡᠭᠦᠰᠴᠦ ᠂ ᠬᠥᠮᠥᠨ ᠬᠠᠷ᠎ᠠ ᠬᠦᠨᠳᠦ ᠶᠡᠭᠡ ᠪᠠᠷ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠣᠳᠣᠬᠠᠨ ᠳᠤ ᠪᠦᠭᠦ ᠤᠯᠤᠰ ᠤᠳᠠᠯ ᠦᠭᠡᠢ 《 7 ᠰᠠᠷ᠎ᠠ ᠶᠢᠨ ᠰᠡᠭᠦᠯᠴᠢ 8 ᠰᠠᠷ᠎ᠠ ᠶᠢᠨ ᠡᠬᠢᠨ 》 ᠦᠶᠡᠷ ᠢ ᠰᠡᠷᠭᠡᠶᠢᠯᠡᠬᠦᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠣᠯᠣᠨ᠎ᠠ ᠂ ᠲᠤᠯᠤᠭᠠᠨ ᠶᠡᠭᠡ ᠭᠤᠣᠯ ᠮᠥᠷᠡᠨ ᠤ ᠰᠠᠪᠠ ᠭᠠᠵᠠᠷ ᠪᠦᠭᠦ ᠲᠠᠯ᠎ᠠ ᠪᠠᠷ ᠦᠶᠡᠷ ᠤᠨ ᠬᠤᠭᠤᠴᠠᠭᠠᠨ ᠳᠤᠣᠷᠣᠵᠤ ᠂ ᠬᠥᠬᠡᠮᠥ᠋ᠷᠡᠨ ᠂ ᠬᠤᠸᠠᠶᠢᠾᠧ ᠭᠤᠣᠯ ᠂  ᠲᠠᠢ ᠬᠤ᠋ ᠨᠠᠭᠤᠷ ᠵᠢᠴᠢ ᠰᠤᠩᠭᠠᠷᠢ ᠮᠥᠷᠡᠨ ᠯᠢᠶᠣᠤᠾᠧ ᠭᠤᠣᠯ ᠤᠨ ᠵᠡᠷᠭᠡ ᠰᠠᠪᠠ ᠭᠠᠵᠠᠷ ᠲᠤ ᠦᠶᠡᠷᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ ᠪᠠᠶᠢᠨ᠎ᠠ ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤᠭᠠᠵᠠᠷ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠬᠢᠨᠠᠨ ᠬᠡᠮᠵᠢᠵᠦᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠵᠦ ᠂ ᠭᠤᠣᠯᠳᠠᠯᠭ᠎ᠠ ᠲᠠᠢ ᠭᠠᠵᠠᠷ ᠣᠷᠣᠨ ᠢ ᠣᠨᠣᠴᠠᠲᠠᠢ ᠵᠢᠯᠤᠭᠤᠳᠴᠤ ᠳᠤᠮᠳᠠ ᠪᠠᠭ᠎ᠠ ᠭᠤᠣᠯ ᠮᠥᠷᠡᠨ ᠤᠦᠶᠡᠷ ᠂ ᠳᠤᠮᠳᠠ ᠪᠠᠭ᠎ᠠ ᠤᠰᠤᠨ ᠴᠥᠭᠦᠷᠥᠮ ᠤᠨ ᠠᠶᠤᠯ ᠪᠠ ᠬᠤᠳᠠ ᠶᠢᠨ ᠤᠰᠤᠲᠤᠯ ᠵᠡᠷᠭᠡ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠂ ᠪᠦᠭᠦᠬᠦᠴᠦᠨ ᠢᠶᠠᠷ ᠢᠶᠠᠨ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠤᠣᠯ ᠴᠣᠭᠴᠠ ᠶᠢᠨᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠂ ᠤᠷᠢᠳᠴᠢᠯᠠᠨ ᠵᠢᠯᠤᠭᠤᠳᠬᠤ ᠪᠠᠨ ᠴᠢᠩᠭᠠᠳᠬᠠᠵᠤ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠠᠵᠢᠯ ᠤᠨᠬᠠᠷᠢᠭᠤᠴᠠᠯᠭ᠎ᠠ ᠪᠠᠨ ᠪᠠᠷᠢᠮᠲᠠᠯᠠᠬᠤ ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ ᠂ ᠠᠷᠠᠳᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠳᠤ ᠲᠠᠯᠪᠢᠵᠤ ᠂ ᠡᠯ᠎ᠡ ᠲᠦᠷᠦᠯ ᠤᠨ ᠬᠤᠬᠢᠷᠠᠯ ᠢᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ ᠃  
  ᠥᠪᠥᠷ ᠮᠣᠩᠭᠤᠯ ᠤᠨ ᠡᠳᠦᠷ ᠤᠨ ᠰᠣᠨᠢᠨ