ᠭᠤᠷᠪᠠᠳᠤᠭᠠᠷ ᠪᠠᠭ᠎ᠠ ᠰᠤᠷᠭᠠᠭᠤᠯᠢ ᠶᠢᠨ 《ᠬᠤᠶᠠᠷ ᠢ ᠪᠠᠭᠠᠰᠬᠠᠬᠤ》 ᠠᠵᠢᠯ ᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠤᠨᠴᠠᠯᠢᠭᠳᠤ ᠬᠥᠭᠵᠢᠯᠲᠡ ᠶᠢ ᠠᠬᠢᠭᠤᠯᠤᠨ᠎ᠠ
  
2023/8/18
           ᠨᠠᠵᠢ ᠲᠤᠰᠬᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠢᠨ 《ᠬᠤᠶᠠᠷ ᠢ ᠪᠠᠭᠠᠰᠬᠠᠬᠤ》 ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ《 ᠪᠠᠭᠰᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠪᠤᠢ》 ᠭᠡᠬᠦ ᠰᠤᠳᠤᠯᠭᠠᠨ ᠤ ᠪᠠ ᠦᠢᠯᠡᠳᠦᠯᠭᠡ ᠶᠢᠨ ᠳ᠋ᠦᠩᠨᠡᠯᠲᠡ ᠪᠠᠷ ᠭᠠᠷᠳᠠᠴᠠ ᠪᠣᠯᠭᠠᠵᠤ᠂ 《ᠪᠦᠬᠦ ᠲᠠᠯ᠎ᠠ ᠪᠠᠷ ᠬᠥᠭᠵᠢᠭᠰᠡᠨ ᠬᠥᠮᠦᠨ》 ᠬᠥᠮᠦᠵᠢᠭᠦᠯᠬᠦ ᠪᠠᠷ ᠭᠤᠣᠯ ᠪᠣᠯᠭᠠᠵᠤ᠂ ᠪᠠᠭᠰᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠵᠢᠭᠠᠨ ᠰᠤᠷᠭᠠᠯᠲᠠ ᠶᠢᠨ ᠵᠤᠷᠰᠢᠯ ᠢ ᠰᠠᠶᠢᠲᠤᠷ ᠠᠳᠬᠤᠵᠤ᠂ ᠬᠢᠴᠢᠶᠡᠯ ᠤᠨ ᠲᠠᠩᠬᠢᠮ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠬᠢᠴᠢᠶᠡᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ 《ᠬᠤᠶᠠᠷ ᠢ ᠪᠠᠭᠠᠰᠬᠠᠬᠤ》 ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃       
  ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ