| | ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ | ᠨᠤᠲᠤᠭ ᠤᠨ ᠵᠠᠩ ᠤᠶᠢᠯᠡ᠂ ᠨᠤᠳᠤᠭ ᠤᠨ ᠦᠵᠡᠮᠵᠢ᠂ ᠨᠤᠳᠤᠭ ᠤᠨ ᠦᠨᠦᠷ ᠠᠮᠲᠠ ᠪᠠᠷ ᠢᠶᠠᠨ ᠴᠥᠭᠡᠨ ᠪᠤᠰᠤ ᠵᠢᠭᠤᠯᠴᠢᠯᠠᠭᠰᠠᠳ ᠤᠨ ᠠᠩᠬᠠᠷᠤᠯ ᠢ ᠲᠠᠲᠠᠵᠤ᠂ | ᠲᠤᠬᠠᠢ ᠶᠢᠨ ᠭᠠᠵᠠᠷ ᠤᠨ ᠨᠡᠩ ᠤᠯᠠᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠪᠡ᠃ ᠠᠷᠪᠠᠨ ᠰᠠᠷ᠎ᠠ ᠶᠢᠨ ᠨᠢᠭᠡᠨ ᠤ | ᠠᠮᠠᠷᠠᠯᠲᠠ ᠳᠤ᠂ ᠬᠥᠳᠡᠭᠡ ᠲᠤᠰᠬᠤᠨ ᠨᠢ ᠴᠥᠭᠡᠨ ᠪᠤᠰᠤ ᠵᠢᠭᠤᠯᠴᠢᠯᠠᠭᠰᠠᠳ ᠤᠨ ᠲᠤᠭᠤᠷᠢᠨ ᠰᠡᠯᠡᠬᠦᠴᠡᠬᠦ ᠭᠠᠵᠠᠷ ᠪᠣᠯᠤᠭᠰᠠᠨ ᠨᠢ ᠪᠠᠰᠠ ᠲᠤᠬᠠᠢ ᠶᠢᠨ ᠭᠠᠵᠠᠷ ᠤᠨ | ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | | | | ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠢᠶᠠᠷ ᠬᠦᠷᠬᠦ ᠳᠤ᠂ ᠨᠤᠲᠤᠭ ᠤᠨ ᠠᠬ᠎ᠠ ᠳᠡᠭᠦᠦ ᠨᠡᠷ ᠤᠨ ᠥᠪᠡᠷ ᠤᠨ ᠬᠢᠭᠰᠡᠨ | ᠭᠤᠱᠤᠭᠤᠨ ᠴᠠᠭᠠᠨ ᠨᠣᠭᠤᠭ᠎ᠠ᠂ ᠪᠣᠭᠤᠷᠰᠤᠭ᠂ ᠪᠤᠳᠠᠭᠠᠨ ᠭᠡᠳᠡᠰᠦ ᠵᠡᠷᠭᠡ ᠤᠨᠴᠠᠯᠢᠬᠳᠤ ᠠᠮᠲᠠᠲᠤ ᠢᠳᠡᠭᠡᠨ ᠨᠢ ᠵᠢᠭᠤᠯᠴᠢᠯᠠᠭᠰᠠᠳ ᠢ ᠠᠮᠲᠠᠯᠠᠭᠤᠯᠵᠤ᠂ ᠵᠡᠭᠡᠯᠢ ᠶᠢᠨ | ᠬᠠᠵᠠᠭᠤᠳᠠᠬᠢ ᠬᠤᠭᠤᠯᠠᠨ ᠭᠡᠷ ᠴᠦ ᠬᠥᠮᠦᠰ ᠤᠨ ᠬᠦᠷᠢᠶᠡᠯᠡᠯ ᠢ ᠣᠯᠤᠭᠰᠠᠨ ᠪᠠᠶᠢᠨ᠎ᠠ᠃ | | | | ᠣᠶᠢᠷ᠎ᠠ ᠶᠢᠨ ᠵᠢᠯ ᠳᠤ᠂ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢᠨ ᠭᠠᠵᠠᠷ ᠢ | ᠲᠠᠰᠤᠷᠠᠯᠲᠠ ᠥᠬᠡᠶ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠤᠲᠤᠷᠭ᠎ᠠ ᠶᠢᠨ ᠲᠠᠷᠢᠶᠠᠨ ᠤ ᠥᠩᠭᠡ | ᠦᠵᠡᠮᠵᠢ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠵᠡᠷᠭᠡ ᠪᠠᠷ ᠭᠤᠤᠯ ᠰᠡᠳᠦᠪ ᠪᠣᠯᠭᠠᠨ ᠰᠠᠨ ᠾᠧ ᠠᠷᠠᠳ ᠤᠨ ᠵᠠᠩ ᠦᠢᠯᠡ ᠶᠢᠨ | ᠶᠠᠪᠠᠭᠠᠨ ᠵᠡᠭᠡᠯᠢ᠂ ᠬᠥᠬᠡ ᠸᠠᠭᠠᠷ ᠴᠠᠭᠠᠨ ᠬᠡᠷᠡᠮ᠂ ᠴᠡᠪᠡᠷ ᠴᠡᠮᠴᠡᠭᠡᠷ ᠵᠡᠭᠡᠯᠢ ᠭᠤᠳᠤᠮᠵᠢ᠂ ᠥᠩᠭᠡᠲᠦ ᠬᠤᠪᠴᠠᠰᠤ ᠵᠢᠴᠢ ᠠᠮᠲᠠᠲᠤ ᠢᠳᠡᠭᠡᠨ ᠢᠶᠠᠷ ᠢᠶᠠᠨ | ᠵᠢᠭᠤᠯᠴᠢᠯᠠᠭᠰᠠᠳ ᠤᠨ ᠠᠩᠬᠠᠷᠤᠯ ᠢ ᠲᠠᠲᠠᠨ᠎ᠠ᠃ | | | ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠨᠢ ᠲᠣᠰᠬᠤᠨ ᠤ ᠠᠷᠠᠳ ᠤᠨ ᠳᠣᠲᠣᠭᠠᠳᠤ ᠬᠥᠳᠡᠯᠭᠡᠬᠦ ᠬᠦᠴᠦᠨ ᠢ ᠨᠡᠩ ᠬᠥᠭᠵᠢᠭᠡᠵᠦ᠂ | ᠤᠯᠠᠨ ᠢᠶᠠᠷ ᠢᠶᠠᠨ ᠥᠪᠡᠷ ᠤᠨ ᠭᠡᠷ ᠢᠶᠠᠨ ᠦᠵᠡᠬᠦ ᠴᠢᠳᠠᠪᠤᠷᠢ ᠪᠠᠨ ᠪᠠᠳᠠᠷᠠᠭᠤᠯᠵᠤ᠂ ᠤᠨᠴᠠᠯᠢᠬᠳᠤ ᠢᠳᠡᠭᠡᠨ ᠤᠮᠳᠠᠭᠠᠨ᠂ ᠰᠤᠳᠤᠨ ᠠᠷᠠᠳ ᠤᠨ ᠤᠷᠤᠨ ᠰᠠᠭᠤᠴᠠ᠂ | ᠬᠡᠦᠬᠡᠳ ᠤᠨ ᠴᠡᠩᠭᠡᠯ ᠤᠨ ᠬᠦᠷᠢᠶᠡᠯᠡᠩ᠂ ᠭᠡᠷᠡᠯ ᠵᠢᠷᠤᠭ ᠤᠨ ᠤᠷᠠᠯᠢᠭ᠂ ᠰᠤᠳᠤᠯᠤᠨ ᠰᠤᠷᠤᠯᠴᠠᠬᠤ ᠶᠢ ᠪᠡᠶᠡᠴᠢᠯᠡᠨ ᠣᠶᠢᠯᠠᠭᠠᠬᠤ ᠵᠡᠷᠭᠡ ᠲᠠᠰᠤᠷᠠᠯᠳᠡ ᠦᠭᠡᠢ | ᠡᠯᠪᠡᠭ ᠪᠠᠶᠠᠯᠢᠭ ᠵᠢᠭᠤᠯᠴᠢᠯᠠᠯ ᠤᠨ ᠦᠢᠯᠡᠰ ᠤᠨ ᠪᠠᠶᠢᠳᠠᠯ ᠪᠣᠯᠤᠨ ᠠᠵᠢᠯ ᠣᠯᠭᠤᠯᠲᠠ ᠶᠢᠨ ᠪᠠᠶᠢᠳᠠᠯ ᠢ ᠣᠶᠢᠯᠠᠭᠠᠵᠤ᠂ ᠰᠠᠨ ᠾᠧ ᠲᠣᠰᠬᠤᠨ ᠳᠤ ᠨᠡᠩ ᠶᠡᠭᠡ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠷᠢᠯᠡᠵᠡᠢ᠃ | | | | | |