ᠪᠡᠶ᠎ᠡ ᠪᠢᠯᠳᠠᠷ ᠨᠢ ᠠᠳᠠᠯᠢ ᠪᠤᠰᠤ᠂ ᠳᠦᠷᠢ ᠪᠠᠶᠢᠳᠠᠯ ᠨᠢ ᠡᠲᠡᠭᠡᠳ ᠬᠠᠴᠢᠨ ᠠᠮᠢᠲᠠᠨ ᠤᠷᠭᠤᠮᠠᠯ ᠤᠨ ᠥᠯᠢᠭᠡᠷ ᠬᠡᠪ ᠠᠴᠠ ᠠᠮᠢ ᠠᠬᠤᠢ ᠶᠢᠨ ᠭᠤᠸ᠎ᠠ | ᠰᠠᠶᠢᠬᠠᠨ ᠢ ᠮᠡᠳᠡᠷᠡᠵᠦ᠂ ᠠᠮᠢᠳᠤ ᠪᠣᠳᠠᠰ ᠤᠨ ᠬᠤᠪᠢᠰᠤᠯ ᠤᠨ ᠲᠤᠬᠠᠢ ᠣᠶᠢᠯᠠᠭᠠᠨ᠎ᠠ ᠁ ᠣᠶᠢᠷ᠎ᠠ ᠶᠢᠨ ᠵᠢᠯ ᠳᠤ᠂ ᠪᠠᠶᠢᠭᠠᠯᠢ ᠶᠢᠨ ᠮᠦᠽᠧᠢ ᠬᠠᠳᠠᠭᠠᠯᠠᠵᠤ | ᠪᠠᠶᠢᠭ᠎ᠠ ᠡᠬᠢ ᠪᠠᠶᠠᠯᠢᠭ ᠪᠣᠯᠣᠨ ᠣᠳᠣᠬᠢᠴᠢᠯᠠᠭᠰᠠᠨ ᠳᠡᠯᠭᠡᠨ ᠦᠵᠡᠭᠦᠯᠭᠦ ᠮᠡᠷᠭᠡᠵᠢᠯ ᠢ ᠤᠶᠠᠯᠳᠤᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠳᠡᠯᠭᠡᠨ | ᠦᠵᠡᠭᠦᠯᠵᠦ᠂ ᠬᠥᠮᠥᠨ ᠬᠢᠭᠡᠳ ᠪᠠᠶᠢᠭᠠᠯᠢ᠂ ᠪᠠᠶᠢᠭᠠᠯᠢ ᠬᠢᠭᠡᠳ ᠣᠷᠴᠢᠨ ᠲᠣᠭᠤᠷᠢᠨ ᠤ ᠡᠶ᠎ᠡ ᠵᠣᠬᠢᠴᠠᠩᠭᠤᠢ ᠬᠠᠮᠲᠤ ᠣᠷᠣᠰᠢᠬᠤ ᠬᠠᠷᠢᠴᠠᠭ᠎ᠠ ᠶᠢ ᠳᠡᠯᠭᠡᠨ | ᠦᠵᠡᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠢᠴᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠥᠪᠡᠷᠮᠢᠴᠡ | ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ | ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠮᠥᠨ︾ ᠭᠡᠵᠦ ᠴᠢᠬᠤᠯᠠᠴᠢᠯᠠᠪᠠ᠃ ᠪᠠᠶᠢᠭᠠᠯᠢ ᠶᠢᠨ ᠮᠦᠽᠧᠢ ᠨᠢ ᠲᠡᠷᠢᠭᠦᠨ ᠵᠡᠷᠭᠡ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠢᠶᠠᠷ ᠲᠤᠯᠭᠠᠭᠤᠷᠢ ᠪᠤᠯᠭᠠᠵᠤ᠂ ᠡᠯᠪᠡᠭ ᠪᠠᠶᠠᠯᠢᠭ ᠮᠦᠽᠧᠢ ᠶᠢᠨ ᠬᠠᠳᠠᠭᠠᠯᠠᠯᠲᠠ ᠶᠢᠨ ᠡᠬᠢ ᠪᠠᠶᠠᠯᠢᠭ ᠢᠶᠠᠷ ᠲᠦᠰᠢᠭ ᠪᠤᠯᠭᠠᠵᠦ᠂ | ᠣᠳᠣᠬᠢᠴᠢᠯᠠᠭᠰᠠᠨ ᠳᠡᠯᠭᠡᠨ ᠦᠵᠡᠭᠦᠯᠭᠦ ᠮᠡᠷᠭᠡᠵᠢᠯ ᠢᠶᠠᠷ ᠠᠷᠭ᠎ᠠ ᠪᠠᠷᠢᠯ ᠪᠤᠯᠭᠠᠵᠤ᠂ ᠠᠮᠢ ᠠᠬᠤᠢ ᠶᠢᠨ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠭᠦ ᠪᠠᠷ | ᠡᠭᠦᠷᠭᠡ ᠬᠠᠷᠢᠭᠤᠴᠠᠯᠭ᠎ᠠ ᠪᠠᠨ ᠪᠤᠯᠭᠠᠵᠤ᠂ ᠥᠯᠢᠭᠡᠷ ᠬᠡᠪ ᠢ ᠬᠤᠷᠢᠶᠠᠨ ᠬᠠᠳᠠᠭᠠᠯᠠᠬᠤ᠂ ᠳᠡᠯᠭᠡᠨ ᠦᠵᠡᠭᠦᠯᠭᠦ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠪᠠ | ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠳᠥᠷᠪᠡᠨ ᠶᠡᠭᠡ ᠴᠢᠳᠠᠮᠵᠢ ᠶᠢ ᠲᠥᠪᠯᠡᠷᠡᠭᠦᠯᠵᠦ᠂ ᠮᠠᠨ ᠤ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠭᠦ ᠰᠢᠨᠵᠢᠯᠡᠬᠦ ᠤᠬᠠᠭᠠᠨ ᠤ ᠣᠷᠳᠣᠨ ᠪᠣᠯᠣᠨ᠎ᠠ᠃ | ᠲᠣᠭᠠᠴᠢᠯᠠᠭᠰᠠᠨ ᠠᠵᠤ ᠠᠬᠤᠢ ᠶᠢᠨ ᠴᠠᠭ ᠦᠶ᠎ᠡ ᠳᠤ᠂ ᠪᠠᠶᠢᠭᠠᠯᠢ ᠶᠢᠨ ᠮᠦᠽᠧᠢ ᠣᠳᠣᠬᠢᠴᠢᠯᠠᠭᠰᠠᠨ ᠮᠡᠷᠭᠡᠵᠢᠯ ᠢ ᠠᠰᠢᠭᠯᠠᠨ ︽ᠲᠡᠦᠬᠡ ᠶᠢᠨ ᠳᠤᠷᠠᠰᠬᠠᠯᠲᠤ | ᠵᠦᠢᠯᠡᠰ ᠢ ᠠᠮᠢᠯᠠᠭᠤᠯᠬᠤ︾ ᠦᠷ᠎ᠡ ᠪᠦᠲᠦᠮᠵᠢ ᠳᠤ ᠬᠦᠷᠴᠦ᠂ ᠠᠮᠢᠲᠠᠨ ᠤᠷᠭᠤᠮᠠᠯ ᠤᠨ ᠥᠯᠢᠭᠡᠷ ᠬᠡᠪ ᠢ ᠨᠠᠩ ᠠᠮᠢᠳᠤᠯᠢᠭ ᠪᠤᠯᠭᠠᠵᠤ᠂ ᠳᠡᠯᠡᠬᠡᠢ ᠶᠢᠨ | ᠪᠥᠮᠪᠥᠷᠴᠡᠭ ᠤᠨ ᠠᠮᠢ ᠨᠠᠰᠤᠨ ᠤ ᠡᠭᠦᠰᠦᠯ ᠬᠥᠭᠵᠢᠯ ᠤᠨ ᠪᠦᠭᠦ ᠦᠵᠡᠮᠵᠢ ᠶᠢᠨ ᠵᠢᠷᠤᠭ ᠢ ᠦᠵᠡᠭᠦᠯᠵᠦ ᠳᠡᠶᠢᠯᠳᠡᠭ᠃ ᠪᠠᠶᠢᠭᠠᠯᠢ ᠶᠢᠨ ᠮᠦᠽᠧᠢ ᠪᠣᠯ ᠬᠥᠮᠥᠨ | ᠲᠥᠷᠥᠯᠬᠢᠲᠡᠨ ᠤ ᠪᠠᠶᠢᠭᠠᠯᠢ ᠶᠢ ᠲᠠᠨᠢᠬᠤ᠂ ᠬᠠᠮᠠᠭᠠᠯᠠᠬᠤ ᠪᠠ ᠥᠭᠡᠷᠡᠴᠢᠯᠡᠬᠦ ᠪᠠᠷ ᠠᠭᠤᠯᠭ᠎ᠠ ᠪᠤᠯᠭᠠᠬᠰᠠᠨ ᠮᠦᠽᠧᠢ ᠪᠤᠯᠬᠤ ᠪᠥᠭᠡᠳ ᠠᠮᠢ ᠠᠬᠤᠢ ᠶᠢᠨ ᠪᠣᠯᠪᠠᠰᠤᠨ ᠢ | ᠦᠢᠯᠡᠳᠦᠯᠭᠡᠵᠢᠭᠦᠯᠬᠦ ᠴᠢᠬᠤᠯᠠ ᠲᠠᠯᠠᠪᠤᠷ ᠪᠣᠯᠣᠨ᠎ᠠ᠃ ᠡᠭᠦᠨ ᠤ ᠬᠠᠮᠲᠤ᠂ ᠪᠠᠶᠢᠭᠠᠯᠢ ᠶᠢᠨ ᠮᠦᠽᠧᠢ ᠨᠢ ᠪᠠᠰᠠ ᠡᠯ᠎ᠡ ᠭᠠᠵᠠᠷ ᠤᠨ ᠥᠪᠡᠷᠮᠢᠴᠡ ᠭᠠᠵᠠᠷ ᠣᠷᠣᠨ ᠤ | ᠰᠣᠶᠣᠯ ᠢ ᠬᠠᠷᠠᠭᠤᠯᠵᠤ ᠪᠠᠶᠢᠳᠠᠭ᠃ ᠠᠳᠠᠯᠢ ᠪᠤᠰᠤ ᠬᠤᠲᠠ ᠨᠢ ᠠᠳᠠᠯᠢ ᠪᠤᠰᠤ ᠰᠣᠶᠣᠯ ᠤᠨ ᠤᠯᠠᠮᠵᠢᠯᠠᠯ ᠲᠠᠢ᠂ ᠠᠳᠠᠯᠢ ᠪᠤᠰᠤ ᠠᠮᠢ ᠠᠬᠤᠢ ᠶᠢᠨ ᠣᠷᠴᠢᠨ | ᠲᠣᠭᠤᠷᠢᠨ ᠲᠠᠢ᠂ ᠠᠳᠠᠯᠢ ᠪᠤᠰᠤ ᠭᠠᠵᠠᠷ ᠣᠷᠣᠨ ᠤ ᠣᠨᠴᠠᠯᠢᠭ ᠲᠠᠢ ᠪᠠᠶᠢᠳᠠᠭ᠂ ᠡᠲᠡᠭᠡᠷ ᠨᠢ ᠴᠥᠮ ᠠᠮᠢ ᠠᠬᠤᠢ ᠶᠢᠨ ᠪᠣᠯᠪᠠᠰᠤᠨ ᠤ ᠴᠢᠬᠤᠯᠠ ᠪᠦᠷᠢᠯᠳᠦᠭᠦᠨ | ᠬᠡᠰᠡᠭ ᠪᠤᠯᠬᠤ ᠪᠥᠭᠡᠳ ᠪᠠᠶᠢᠭᠠᠯᠢ ᠶᠢᠨ ᠮᠦᠽᠧᠢ ᠨᠢ ᠶᠠᠭ ᠨᠢᠭᠡ ᠬᠤᠲᠠ ᠶᠢᠨ ᠰᠢᠯᠵᠢᠭᠡ ᠭᠡᠷᠡᠯ ᠵᠢᠷᠤᠭ ᠤᠨ ᠦᠵᠡᠭᠦᠯᠭᠡ ᠲᠠᠢ ᠠᠳᠠᠯᠢᠬᠠᠨ ᠪᠠᠶᠢᠵᠤ᠂ ᠲᠤᠰ | ᠬᠤᠲᠠ ᠶᠢᠨ ᠠᠮᠢ ᠠᠬᠤᠢ ᠶᠢᠨ ᠬᠥᠭᠵᠢᠯᠲᠡ ᠶᠢᠨ ᠶᠠᠪᠤᠴᠠ ᠶᠢ ᠬᠥᠮᠥᠰ ᠲᠤ ᠲᠠᠨᠢᠨ ᠮᠡᠳᠡᠷᠡᠭᠦᠯᠵᠦ᠂ ᠡᠨᠡ ᠬᠤᠲᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠮᠵᠢᠯᠲᠠ ᠪᠦᠳᠦᠮᠵᠢ ᠶᠢ ᠰᠢᠭᠤᠳ ᠦᠵᠡᠭᠦᠯᠵᠦ ᠴᠢᠳᠠᠳᠠᠭ᠃ | ᠦᠯᠢᠭᠡᠷ ᠬᠡᠪ ᠪᠣᠯ ᠪᠠᠶᠢᠭᠠᠯᠢ ᠶᠢᠷᠲᠢᠨᠴᠦ ᠪᠠ ᠬᠥᠮᠥᠨ ᠲᠥᠷᠥᠯᠬᠢᠲᠡᠨ ᠤ ᠨᠡᠶᠢᠭᠡᠮ ᠤᠨ ᠪᠣᠳᠠᠰ ᠤᠨ ᠦᠯᠡᠳᠡᠭᠳᠡᠯ ᠮᠥᠨ᠂ ᠬᠥᠮᠥᠨ ᠲᠥᠷᠥᠯᠬᠢᠲᠡᠨ ᠤ | ᠪᠠᠶᠢᠭᠠᠯᠢ ᠶᠢᠨ ᠮᠡᠳᠡᠯᠭᠡ ᠪᠠ ᠨᠡᠶᠢᠭᠡᠮ ᠤᠨ ᠮᠡᠳᠡᠯᠭᠡ ᠶᠢᠨ ᠰᠢᠰᠲ᠋ᠧᠮ ᠤᠨ ᠪᠣᠳᠠᠲᠤ ᠵᠦᠢᠯ ᠤᠨ ᠰᠠᠭᠤᠷᠢ ᠮᠥᠨ᠃ ᠪᠠᠶᠢᠭᠠᠯᠢ ᠶᠢᠨ ᠮᠦᠽᠧᠢ ᠴᠤᠭᠯᠠᠭᠤᠯᠤᠨ | ᠬᠠᠳᠠᠭᠠᠯᠠᠵᠤ ᠪᠠᠶᠢᠭ᠎ᠠ ᠶᠡᠭᠡ ᠬᠡᠮᠵᠢᠶᠡᠨ ᠤ ᠠᠮᠢᠲᠠᠨ ᠤᠷᠭᠤᠮᠠᠯ ᠬᠢᠭᠡᠳ ᠮᠢᠺᠷᠣᠪ ᠪᠣᠳᠠᠰ᠂ ᠴᠢᠯᠠᠭᠤᠯᠢᠭ ᠬᠢᠭᠡᠳ ᠡᠷᠦᠳᠡᠰᠦ᠂ ᠣᠳᠣᠨ ᠴᠣᠭᠴᠠᠰ ᠵᠢᠴᠢ ᠬᠥᠮᠥᠨ | ᠲᠥᠷᠥᠯᠬᠢᠲᠡᠨ ᠵᠡᠷᠭᠡ ᠶᠢᠨ ᠦᠯᠢᠭᠡᠷ ᠬᠡᠪ ᠨᠢ ᠠᠮᠢᠳᠤ ᠪᠣᠳᠠᠰ ᠤᠨ ᠬᠤᠪᠢᠰᠤᠯ ᠤᠨ ᠪᠠᠶᠢᠭᠠᠯᠢ ᠶᠢᠨ ᠲᠡᠦᠬᠡ ᠮᠡᠲᠦ᠂ ᠪᠠᠶᠢᠭᠠᠯᠢ ᠶᠢᠨ ᠬᠤᠪᠢᠰᠤᠯ ᠤᠨ ᠶᠠᠪᠤᠴᠠ ᠵᠢᠴᠢ | ᠬᠥᠮᠥᠨ᠂ ᠪᠠᠶᠢᠭᠠᠯᠢ᠂ ᠨᠡᠶᠢᠭᠡᠮ ᠤᠨ ᠬᠠᠷᠢᠯᠴᠠᠨ ᠦᠢᠯᠡᠳᠦᠯᠴᠡᠯ ᠤᠨ ᠬᠤᠪᠢᠰᠤᠯ ᠤᠨ ᠶᠠᠪᠤᠴᠠ ᠶᠢ ᠲᠡᠮᠳᠡᠭᠯᠡᠵᠦ ᠪᠠᠶᠢᠳᠠᠭ᠃ ᠦᠯᠢᠭᠡᠷ ᠬᠡᠪ ᠨᠢᠭᠡ ᠪᠦᠷᠢ ᠳᠤ ᠴᠥᠮ | ᠭᠡᠯᠪᠡᠷᠢ ᠳᠦᠷᠰᠦ᠂ ᠠᠩᠭᠢᠯᠠᠯ᠂ ᠤᠳᠤᠮᠰᠢᠯ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠡᠷᠭᠡ ᠶᠡᠭᠡ ᠬᠡᠮᠵᠢᠶᠡᠨ ᠤ ᠮᠡᠳᠡᠯᠭᠡ ᠶᠢᠨ ᠮᠡᠳᠡᠭᠡ ᠵᠠᠩᠭᠢ | ᠠᠬᠤᠭᠤᠯᠤᠭᠳᠠᠵᠤ᠂ ᠪᠠᠶᠢᠭᠠᠯᠢ ᠶᠢᠨ ᠮᠦᠽᠧᠢ ᠶᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠡᠷᠳᠡᠨᠢ ᠶᠢᠨ ᠬᠥᠮᠥᠷᠭᠡ ᠪᠤᠯᠭᠠᠬᠰᠠᠨ ᠪᠠᠶᠢᠨ᠎ᠠ᠃ | ᠪᠠᠶᠢᠭᠠᠯᠢ ᠶᠢᠨ ᠮᠦᠽᠧᠢ ᠪᠠᠰᠠ ᠠᠮᠢ ᠠᠬᠤᠢ ᠶᠢᠨ ᠪᠣᠯᠪᠠᠰᠤᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠠᠰᠢᠭᠲᠠᠢ᠃ ᠪᠠᠶᠢᠭᠠᠯᠢ ᠶᠢᠨ ᠮᠦᠽᠧᠢ ᠳᠤ | ᠡᠬᠡ ᠪᠠᠶᠢᠭᠠᠯᠢ ᠶᠢᠨ ᠭᠤᠸ᠎ᠠ ᠰᠠᠶᠢᠬᠠᠨ ᠢ ᠭᠠᠶᠢᠬᠠᠨ ᠰᠣᠨᠢᠷᠬᠠᠵᠤ ᠣᠶᠢᠯᠠᠭᠠᠬᠤ ᠳᠤᠮᠳᠠ ᠬᠥᠮᠥᠰ ᠤᠨ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠰᠡᠳᠬᠢᠯ | ᠵᠢᠷᠦᠬᠡᠨ ᠳᠤᠨᠢ ᠬᠠᠳᠠᠩᠰᠢᠬᠤ ᠪᠣᠯᠣᠨ᠎ᠠ᠃ ᠡᠭᠦᠨ ᠤ ᠬᠠᠮᠲᠤ᠂ ᠪᠠᠶᠢᠭᠠᠯᠢ ᠶᠢᠨ ᠮᠦᠽᠧᠢ ᠶᠢ ᠪᠠᠰᠠ ᠭᠠᠳᠠᠭᠠᠳᠤ ᠤᠯᠤᠰ ᠣᠷᠣᠨ ᠢᠶᠠᠷ ᠳᠡᠯᠭᠡᠨ ᠦᠵᠡᠭᠦᠯᠭᠡ ᠬᠢᠬᠦ᠂ | ᠬᠠᠮᠲᠤᠷᠠᠨ ᠰᠤᠳᠤᠯᠭᠠᠨ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠭᠠᠳᠠᠭᠠᠳᠤ ᠲᠠᠢ ᠰᠣᠯᠢᠯᠴᠠᠭ᠎ᠠ ᠬᠢᠬᠦ ᠲᠠᠪᠴᠠᠩ ᠪᠤᠯᠭᠠᠵᠤ ᠪᠣᠯᠣᠨ᠎ᠠ᠃ ᠵᠢᠱᠢᠶᠡᠯᠡᠪᠡᠯ ︽ᠳᠤᠮᠳᠠᠳᠤ | ᠤᠯᠤᠰ ᠤᠨ ᠠᠪᠤᠷᠭᠤ ᠭᠦᠷᠪᠡᠯ ᠤᠨ ᠦᠵᠡᠭᠦᠯᠭᠡ︾ ᠶᠢ ᠣᠯᠠᠨ ᠤᠯᠤᠰ ᠲᠤ ᠲᠣᠭᠤᠷᠢᠨ ᠦᠵᠡᠭᠦᠯᠵᠦ ᠥᠩᠭᠡᠷᠡᠵᠡᠢ᠃ ᠪᠠᠶᠢᠭᠠᠯᠢ ᠶᠢᠨ ᠮᠦᠽᠧᠢ ᠶᠢᠨ | ᠥᠷᠨᠢᠭᠦᠯᠦᠭᠰᠡᠨ ᠡᠳᠡᠭᠡᠷ ᠭᠠᠳᠠᠭᠠᠳᠤ ᠯᠤᠭ᠎ᠠ ᠶᠢᠨ ᠰᠣᠶᠣᠯ ᠤᠨ ᠶᠠᠪᠤᠯᠴᠠᠭ᠎ᠠ ᠨᠢ ᠳᠤᠮᠳᠠᠳᠤ ᠤᠯᠤᠰ ᠤᠨ ᠠᠷᠠᠳ ᠲᠦᠮᠡᠨ ᠤ ᠪᠠᠶᠢᠭᠠᠯᠢ ᠶᠢ ᠭᠦᠨᠳᠦᠳᠭᠡᠵᠦ᠂ | ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠭᠰᠠᠨ ᠪᠣᠬᠢᠷᠳᠤᠯ ᠦᠭᠡᠢ ᠬᠥᠭᠵᠢᠯᠲᠡ ᠶᠢᠨ ᠦᠷ᠎ᠡ ᠪᠦᠲᠦᠭᠡᠯ ᠢ ᠳᠡᠯᠡᠬᠡᠢ ᠳ᠋ᠠᠬᠢᠨ ᠳᠤ ᠦᠵᠡᠭᠦᠯᠵᠦ᠂ ᠳᠤᠮᠳᠠᠳᠤ | ᠤᠯᠤᠰ ᠤᠨ ᠪᠣᠬᠢᠷᠳᠤᠯ ᠦᠭᠡᠢ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠬᠤ ᠳᠤ ᠠᠰᠢᠭᠲᠠᠢ ᠶᠤᠮ᠃ | ᠪᠠᠶᠢᠭᠠᠯᠢ ᠶᠢᠨ ᠮᠦᠽᠧᠢ ᠶᠢᠨ ᠥᠪᠡᠷᠮᠢᠴᠡ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠮᠡᠳᠡᠯᠭᠡ ᠶᠢ ᠤᠯᠠᠮᠵᠢᠯᠠᠪᠠᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠨᠡᠩ | ᠶᠡᠭᠡ ᠬᠦᠴᠦᠨ ᠴᠢᠳᠠᠯ ᠢᠶᠠᠨ ᠨᠡᠮᠡᠷᠢᠯᠡᠵᠦ ᠴᠢᠳᠠᠬᠤ ᠨᠢ ᠯᠠᠪᠲᠠᠢ᠃ |