ᠯᠢ ᠴᠢᠶᠠᠩ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ | ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 9 ᠤ | ᠴᠠᠭᠢᠯᠭᠠᠨ ᠮᠡᠳᠡᠭᠡ 12 ᠰᠠᠷ᠎ᠠ ᠶᠢᠨ 6 ᠤ ᠡᠳᠦᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠥᠩ ᠨᠠᠨ | ᠬᠠᠢ ᠳᠤ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠡᠨᠡ ᠵᠢᠯ ᠤᠨ ᠠᠵᠤ ᠠᠬᠤᠢ ᠶᠢᠨ ᠪᠠᠶᠢᠳᠠᠯ ᠪᠠ | ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ | ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠢᠷᠡᠬᠦ | ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ | ᠵᠠᠬ᠎ᠠ ᠳᠡᠯᠭᠡᠭᠦᠷ ᠪᠠ ᠰᠲ᠋ᠣᠺ ᠤᠨ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ | ᠠᠶᠤᠯ ᠲᠦᠭᠰᠢᠭᠦᠷᠢ ᠪᠠ ᠭᠠᠳᠠᠭᠠᠳᠤ ᠳᠠᠭᠠᠷᠢᠯᠲᠠ ᠶᠢ | ᠰᠡᠷᠭᠡᠶᠢᠯᠡᠨ ᠠᠷᠢᠯᠭᠠᠵᠤ᠂ ᠵᠢᠱᠢᠯᠲᠡ ᠶᠢ | ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ | ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ | ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ | ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ | ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ | ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ | ᠣᠷᠣᠯᠴᠠᠪᠠ᠃ ᠯᠢ ᠴᠢᠶᠠᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠨᠠᠶᠢᠳᠠᠯᠭ᠎ᠠ ᠪᠠᠷ ᠡᠨᠡ | ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ | ᠪᠠᠶᠢᠳᠠᠯ ᠢ ᠮᠡᠳᠡᠭᠳᠡᠵᠦ᠂ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠬᠤᠯᠪᠣᠭᠳᠠᠯ ᠪᠦᠬᠦᠢ ᠪᠣᠳᠣᠯᠬᠢᠯᠠᠯ ᠢ | ᠲᠠᠨᠢᠯᠴᠠᠭᠤᠯᠪᠠ᠃ | ᠶᠠᠷᠢᠯᠴᠠᠬᠤ ᠬᠤᠷᠠᠯ ᠳᠡᠭᠡᠷ᠎ᠡ ᠲᠤᠮᠳᠠᠳᠤ ᠤᠯᠤᠰ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ | ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠲᠤᠮᠳᠠᠳᠤ | ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ | ᠬᠤᠷᠢᠶ᠎ᠠ ᠶᠢᠨ ᠲᠡᠷᠢᠭᠦᠯᠡᠭᠴᠢ ᠳ᠋ᠢᠩ ᠵᠥᠩ ᠯᠢ᠂ ᠲᠤᠮᠳᠠᠳᠤ | ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ | ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ | ᠮᠢᠩ ᠶᠢᠨ᠂ ᠲᠤᠮᠳᠠᠳᠤ ᠤᠯᠤᠰ ᠤᠨ ᠠᠷᠠᠳᠴᠢᠯᠠᠯ ᠢᠶᠠᠷ | ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ | ᠼᠠᠢ ᠳ᠋ᠠ ᠹᠧᠩ᠂ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ | ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ | ᠲᠡᠷᠢᠭᠦᠯᠡᠭᠴᠢ ᠾᠧ ᠸᠧᠢ᠂ ᠲᠤᠮᠳᠠᠳᠤ ᠤᠯᠤᠰ ᠤᠨ ᡁᠢᠭᠦ᠋ᠩᠳᠠᠩ | ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ | ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ | ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ | ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ | ᠲᠡᠷᠢᠭᠦᠯᠡᠭᠴᠢ ᠰᠦ᠋ ᠬᠤᠶ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ | ᠯᠦᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠪᠦᠦ | ᠰᠢᠨ ᠾᠧ ᠤᠷᠢᠳ ᠬᠤᠵᠢᠳ ᠦᠭᠡ ᠬᠡᠯᠡᠪᠡ᠃ ᠲᠠᠳᠠ ᠣᠳᠣᠬᠠᠨ ᠤ ᠠᠵᠤ | ᠠᠬᠤᠢ ᠶᠢᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠵᠠᠳᠠᠯᠤᠯᠲᠠ | ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠲᠤᠬᠠᠢ ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠵᠦ | ᠪᠠᠶᠢᠬᠤ ᠪᠥᠭᠡᠳ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠳᠬᠡᠨ ᠬᠥᠭᠵᠢᠭᠦᠯᠬᠦ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢ ᠵᠣᠬᠢᠰᠲᠠᠢ | ᠴᠢᠩᠭᠠᠷᠠᠭᠤᠯᠬᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠦᠷ᠎ᠡ ᠠᠰᠢᠭ ᠢ ᠳᠡᠭᠡᠭᠰᠢᠯᠡᠭᠦᠯᠭᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢᠨ | ᠪᠠᠶᠢᠭᠤᠯᠤᠯᠲᠠ ᠶᠢ ᠴᠢᠩᠭᠠᠳᠬᠠᠬᠤ᠂ ᠡᠨᠧᠷᠭᠢ ᠶᠢᠨ | ᠬᠡᠷᠡᠭᠯᠡᠭᠡᠨ ᠤ ᠰᠢᠨ᠎ᠡ ᠠᠮᠢ ᠠᠬᠤᠢ ᠶᠢ ᠪᠤᠶ ᠪᠤᠯᠭᠠᠬᠤ᠂ | ᠤᠯᠤᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ ᠨᠡᠮᠡᠭᠳᠡᠭᠰᠡᠨ | ᠤᠷ᠎ᠠ ᠮᠡᠷᠭᠡᠵᠢᠯ ᠤᠨ ᠴᠢᠳᠠᠪᠤᠷᠢᠲᠠᠨ ᠤ ᠠᠵᠢᠯ ᠣᠯᠭᠤᠯᠲᠠ ᠶᠢ | ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ | ᠰᠠᠨᠠᠯ ᠪᠠ ᠰᠠᠨᠠᠭᠤᠯᠭ᠎ᠠ ᠳᠤᠷᠠᠳᠴᠠᠢ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ | ᠳᠠᠷᠠᠭ᠎ᠠ ᠰᠢ ᠶᠢᠨ ᠫᠢᠩ᠂ ᠣᠯᠠᠨ ᠢᠶᠠᠷ ᠢᠶᠠᠨ ᠡᠨᠡ ᠵᠢᠯ ᠤᠨ | ᠠᠵᠤ ᠠᠬᠤᠢ ᠶᠢᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ | ᠨᠤᠲᠠᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠲᠤᠬᠠᠢ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃ | ᠪᠢᠳᠠ ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ ᠠᠪᠤᠨ᠎ᠠ | ᠭᠡᠵᠦ ᠢᠯᠡᠷᠬᠡᠶᠢᠯᠡᠪᠡ᠃ | ᠰᠢ ᠶᠢᠨ ᠫᠢᠩ᠂ ᠡᠨᠡ ᠵᠢᠯ ᠨᠡᠩ ᠨᠠᠷᠢᠨ ᠪᠤᠳᠤᠯᠢᠶᠠᠨᠲᠠᠢ | ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ | ᠲᠣᠭᠤᠷᠢᠨ ᠤ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠳᠠᠷᠤᠯᠲᠠ ᠶᠢ ᠳᠠᠭᠠᠭᠠᠵᠤ᠂ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠬᠤᠪᠢᠷᠠᠯᠲᠠ ᠶᠢ | ᠯᠠᠪᠳᠠᠭᠤᠨ ᠢᠶᠠᠷ ᠠᠷᠭᠠᠴᠠᠭᠠᠵᠤ᠂ ᠶᠡᠷᠦᠩᠬᠡᠶᠢᠯᠡᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠮᠠᠨ ᠤ ᠤᠯᠤᠰ ᠤᠨ ᠠᠵᠤ | ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ | ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ | ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠢᠳᠡᠷᠡᠭᠦᠨ | ᠪᠠᠲᠤᠲᠠᠢ ᠰᠢᠨ᠎ᠡ ᠠᠯᠬᠤᠭ᠎ᠠ ᠶᠢ ᠠᠯᠬᠤᠭᠰᠠᠨ ᠪᠠᠶᠢᠨ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ | ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ︾᠂ ︽ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ︾ | ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ ᠪᠠᠶᠢᠴᠠᠭᠠᠨ | ᠰᠤᠳᠤᠯᠬᠤ ᠠᠵᠢᠯ ᠢ ᠢᠳᠡᠪᠬᠢᠲᠡᠢ ᠥᠷᠨᠢᠭᠦᠯᠵᠦ᠂ | ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠳᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠳᠤ ᠡᠯ᠎ᠡ ᠲᠦᠷᠦᠯ ᠤᠨ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ᠂ ᠰᠠᠨᠠᠯ | ᠰᠠᠨᠠᠭᠤᠯᠭ᠎ᠠ ᠪᠠᠨ ᠮᠡᠳᠡᠭᠦᠯᠦᠨ ᠬᠦᠷᠭᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ ᠳᠤ ᠴᠢᠬᠤᠯᠠ ᠯᠠᠪᠯᠠᠯᠲᠠ ᠬᠠᠩᠭᠠᠪᠠ ᠭᠡᠵᠦ | ᠴᠢᠬᠤᠯᠠᠴᠢᠯᠠᠪᠠ᠃ ᠰᠢ ᠶᠢᠨ ᠫᠢᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠪᠡ᠃ | ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠳᠤ ᠡᠩ ᠲᠡᠷᠢᠭᠦᠨ ᠳᠤ ᠵᠠᠪᠠᠯ ᠢᠯᠠᠬᠤ ᠢᠲᠡᠭᠡᠯ | ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ ᠤᠨ | ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ | ᠤᠶᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠲᠤᠯᠭᠠᠭᠤᠷᠢᠯᠠᠬᠤ ᠨᠥᠬᠦᠴᠡᠯ | ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠶᠤᠮ᠃ ᠪᠢᠳᠡ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠪᠢᠳᠡᠨ ᠳᠤ ᠠᠰᠢᠭᠲᠠᠢ ᠭᠠᠳᠠᠭᠠᠳᠤ ᠣᠷᠴᠢᠨ ᠢ | ᠰᠠᠨᠠᠭᠠᠴᠢᠯᠠᠭ᠎ᠠ ᠠᠴᠠ ᠪᠠᠨ ᠪᠤᠢ ᠪᠤᠯᠭᠠᠵᠤ᠂ ᠥᠪᠡᠷ ᠤᠨ | ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ | ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ | ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠳᠤ ᠪᠦᠭᠦ ᠨᠠᠮ ᠪᠦᠭᠦ ᠨᠡᠶᠢᠭᠡᠮ ᠢᠶᠠᠷ ᠢᠶᠠᠨ | ᠬᠠᠮᠲᠤ ᠪᠠᠷ ᠴᠢᠷᠮᠠᠶᠢᠵᠤ᠂ ᠲᠡᠰᠪᠦᠷᠢ ᠬᠠᠲᠠᠭᠤᠵᠢᠯᠲᠠᠢ | ᠲᠡᠮᠡᠴᠡᠬᠦ ᠬᠡᠷᠡᠭᠲᠡᠢ᠃ ᠣᠳᠣᠬᠠᠨ ᠳᠤ ᠮᠠᠨ ᠤ ᠤᠯᠤᠰ ᠤᠨ | ᠬᠥᠭᠵᠢᠯᠲᠡ ᠳᠤ ᠮᠠᠰᠢ ᠤᠯᠠᠨ ᠲᠣᠬᠲᠠᠭᠠᠯᠲᠤ ᠪᠤᠰᠤ ᠴᠢᠨᠠᠷ ᠪᠠ | ᠰᠢᠯᠭᠠᠯᠲᠠ ᠲᠤᠯᠭᠠᠷᠠᠵᠤ ᠪᠠᠶᠢᠨ᠎ᠠ᠂ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠴᠢᠷᠮᠠᠶᠢᠨ | ᠰᠢᠢᠳᠪᠦᠷᠢᠯᠡᠬᠦ ᠬᠡᠷᠡᠭᠲᠡᠢ᠃ ᠬᠦᠴᠢᠷ ᠪᠡᠷᠬᠡᠰᠢᠶᠡᠯ | ᠥᠷᠢᠰᠦᠯᠳᠦᠭᠡᠨ ᠵᠢᠯ ᠵᠢᠯ ᠪᠠᠶᠢᠨ᠎ᠠ᠂ ᠪᠢᠳᠡ ᠰᠠᠯᠬᠢ | ᠪᠣᠷᠣᠭᠠᠨ ᠤ ᠳᠤᠮᠳᠠ ᠳᠠᠪᠲᠠᠭᠳᠠᠨ ᠬᠥᠭᠵᠢᠵᠦ᠂ ᠤᠯᠠᠨ | ᠤᠳᠠᠭᠠᠨ ᠤ ᠰᠢᠯᠭᠠᠯᠲᠠ ᠶᠢᠨ ᠳᠤᠮᠳᠠ ᠬᠥᠭᠵᠢᠨ | ᠪᠤᠵᠠᠭᠠᠶᠢᠷᠠᠭᠰᠠᠨ ᠶᠤᠮ᠃ ᠠᠵᠢᠯ ᠤᠨ ᠪᠡᠯᠡᠳᠬᠡᠯ ᠢ ᠭᠦᠢᠴᠡᠳ | ᠰᠠᠶᠢᠲᠤᠷ ᠬᠢᠵᠦ᠂ ᠴᠥᠬᠦᠷᠡᠰᠢ ᠦᠭᠡᠢ ᠴᠢᠷᠮᠠᠶᠢᠵᠤ ᠢᠷᠡᠬᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠵᠦ᠂ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ | ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ | ᠳᠤᠷᠠᠳᠴᠠᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠨᠠᠮ ᠪᠣᠯᠣᠨ ᠵᠠᠰᠠᠭ ᠤᠨ ᠣᠷᠳᠣᠨ ᠢ | ᠬᠠᠮᠵᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ᠂ ᠪᠦᠭᠦ | ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠨᠠᠮ ᠪᠠ ᠤᠯᠤᠰ ᠤᠨ | ᠠᠵᠢᠯ ᠤᠨ ᠪᠦᠭᠦ ᠲᠠᠯ᠎ᠠ ᠳᠤᠮᠳᠠ ᠤᠬᠠᠮᠰᠠᠷ ᠠᠴᠠ ᠪᠠᠨ | ᠲᠦᠷᠦ ᠶᠢᠨ ᠶᠠᠪᠤᠳᠠᠯ ᠳᠤ ᠣᠷᠤᠯᠴᠠᠬᠤ ᠨᠠᠮ ᠤᠨ | ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ | ᠨᠢᠭᠡᠳᠦᠮᠡᠯ ᠹᠷᠣᠨᠲ ᠤᠨ ᠥᠪᠡᠷᠮᠢᠴᠡ ᠤᠨᠴᠠᠭᠠᠢ | ᠳᠠᠪᠠᠭᠤᠯᠢᠭ ᠢ ᠪᠠᠳᠠᠷᠠᠭᠤᠯᠵᠤ᠂ ᠨᠠᠮ ᠪᠠ ᠵᠠᠰᠠᠭ ᠤᠨ | ᠣᠷᠳᠣᠨ ᠢ ᠬᠠᠮᠵᠢᠨ ᠲᠥᠷᠥ ᠶᠢᠨ ᠪᠣᠳᠣᠯᠭ᠎ᠠ ᠶᠢ ᠤᠬᠠᠭᠤᠯᠵᠤ᠂ | ᠵᠢᠱᠢᠯᠲᠡ ᠶᠢ ᠲᠣᠭᠲᠠᠪᠤᠷᠢᠵᠢᠭᠤᠯᠤᠨ᠂ ᠵᠥᠷᠢᠴᠡᠯ ᠢ | ᠠᠷᠢᠯᠭᠠᠵᠤ᠂ ᠥᠷᠭᠡᠨ ᠣᠯᠠᠨ ᠪᠦᠷᠢᠯᠳᠦᠭᠦᠨ ᠵᠢᠴᠢ ᠬᠠᠷᠢᠯᠴᠠᠵᠤ | ᠪᠠᠶᠢᠭ᠎ᠠ ᠣᠯᠠᠨ ᠲᠦᠮᠡᠨ ᠢ ᠠᠵᠤ ᠠᠬᠤᠢ ᠶᠢᠨ ᠪᠠᠶᠢᠳᠠᠯ᠂ | ᠬᠥᠭᠵᠢᠯᠲᠡ ᠶᠢᠨ ᠶᠡᠷᠦᠩᠬᠡᠢ ᠬᠠᠨᠳᠤᠰᠢ ᠳᠤ ᠪᠦᠭᠦ | ᠲᠠᠯ᠎ᠠ ᠪᠠᠷ ᠬᠤᠪᠢᠰᠤᠩᠭᠤᠢ ᠪᠠᠷ ᠬᠠᠨᠳᠤᠬᠤ ᠶᠢ ᠬᠥᠲᠥᠯᠥᠨ | ᠵᠢᠯᠤᠭᠤᠳᠴᠤ᠂ ᠭᠤᠣᠯ ᠭᠦᠭ ᠠᠶᠠᠰ ᠢ ᠴᠤᠤᠷᠢᠶᠠᠲᠤᠭᠤᠯᠤᠨ᠂ | ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠬᠤᠶᠠᠷ ᠲᠤ᠂ | ᠴᠢᠳᠠᠪᠤᠷᠢᠲᠠᠨ ᠴᠤᠭᠯᠠᠷᠠᠭᠰᠠᠨ ᠳᠠᠪᠠᠭᠤᠯᠢᠭ ᠢᠶᠠᠨ | ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ | ᠬᠥᠭᠵᠢᠯᠲᠡ ᠲᠣᠭᠲᠠᠭᠤᠨ ᠳᠤ ᠬᠤᠯᠪᠣᠭᠳᠠᠬᠤ ᠵᠠᠩᠭᠢᠯᠠᠭ᠎ᠠ ᠶᠢᠨ | ᠠᠰᠠᠭᠤᠳᠠᠯ ᠢ ᠭᠦᠨᠵᠡᠭᠡᠢ ᠰᠤᠳᠤᠯᠵᠤ᠂ ᠪᠠᠷᠠᠯᠠᠯᠳᠤ | ᠴᠢᠨᠠᠷ ᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ | ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ | ᠠᠷᠠᠳᠴᠢᠯᠠᠯ ᠢᠶᠠᠷ ᠬᠢᠨᠠᠯᠲᠠ ᠲᠠᠯᠪᠢᠬᠤ ᠰᠢᠨᠵᠢ ᠴᠢᠨᠠᠷ | ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ | ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ | ᠬᠠᠮᠵᠢᠯᠴᠠᠬᠤ ᠶᠢ ᠴᠢᠩᠭᠠᠳᠬᠠᠵᠤ᠂ ᠤᠯᠤᠰ ᠤᠨ ᠡᠯ᠎ᠡ ᠵᠦᠢᠯ ᠤᠨ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠠᠬᠢᠭᠤᠯᠬᠤ ᠬᠡᠷᠡᠭᠲᠡᠢ᠃ ᠭᠤᠷᠪᠠ ᠳᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ ᠤᠨ | ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ | ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠲᠡᠢ᠃ ᠤᠳᠤᠷᠢᠳᠬᠤ ᠪᠠᠭ ᠪᠠ ᠡᠩᠨᠡᠭᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠴᠢᠩᠭ᠎ᠠ ᠱᠠᠭᠠᠷᠳᠠᠨ᠂ | ᠴᠢᠩᠭ᠎ᠠ ᠬᠢᠵᠠᠭᠠᠷᠯᠠᠵᠤ᠂ ᠴᠢᠩᠭ᠎ᠠ ᠬᠢᠨᠠᠯᠲᠠ ᠲᠠᠯᠪᠢᠵᠤ᠂ | ᠢᠯᠵᠢᠷᠡᠯ ᠤᠨ ᠦᠢᠯᠡ ᠠᠵᠢᠯᠯᠠᠭ᠎ᠠ ᠶᠢ ᠢᠯᠡᠷᠡᠭᠦᠯᠪᠡᠯ ᠤᠬᠳᠤ | ᠠᠭᠤᠴᠢᠯᠠᠬᠤ ᠦᠭᠡᠢ ᠴᠢᠩᠭ᠎ᠠ ᠰᠢᠢᠳᠬᠡᠬᠦ ᠬᠡᠷᠡᠭᠲᠡᠢ᠃ | ᠣᠨᠣᠯ ᠢᠶᠠᠷ ᠵᠡᠪᠰᠡᠭᠯᠡᠬᠦ ᠪᠠ ᠮᠡᠳᠡᠯᠭᠡ ᠪᠠᠨ | ᠰᠢᠨᠡᠳᠬᠡᠬᠦ ᠶᠢ ᠴᠢᠩᠭᠠᠳᠬᠠᠵᠤ᠂ ᠦᠢᠯᠡᠳᠦᠯᠭᠡ | ᠪᠣᠯᠪᠠᠰᠤᠷᠠᠯ ᠢ ᠴᠢᠩᠭᠠᠷᠠᠭᠤᠯᠤᠨ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠡᠷᠳᠡᠮ ᠴᠢᠳᠠᠪᠤᠷᠢ ᠪᠠ | ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ | ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ | ᠱᠢ ᠲᠠᠢ ᠹᠧᠩ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ | ᠴᠢᠩ᠂ ᠦ᠋ ᠵᠧᠩ ᠯᠦᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ | ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ ᠸᠠᠩ ᠭᠤᠸᠠᠩ | ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ | ᠧᠨ ᠳ᠋ᠢ᠂ ᠠᠨ ᠯᠢ ᠵᠢᠶᠠ᠂ ᠲᠢᠶᠠᠨ ᠰᠢᠤᠸᠠᠨ ᠨᠠᠷ ᠪᠤᠢ᠃ | | | |