︽︿ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ﹀ ᠶᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾ ᠢ 2024 ᠣᠨ ᠤ | 2 ᠳ᠋ᠤᠭᠠᠷ ᠰᠠᠷ᠎ᠠ ᠶᠢᠨ 28 ᠤ ᠡᠳᠦᠷ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠲᠣᠪᠴᠢᠶᠠᠨ ᠤ ᠶᠠᠪᠤᠳᠠᠯ ᠤᠨ ᠬᠤᠷᠠᠯ ᠠᠴᠠ ᠨᠢᠭᠡᠨᠲᠡ ᠬᠢᠨᠠᠨ | ᠵᠥᠪᠯᠡᠵᠦ ᠪᠠᠲᠤᠯᠠᠪᠠ᠂ ᠡᠳᠦᠭᠡ ᠨᠡᠶᠢᠲᠡᠯᠡᠵᠦ ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠳᠠᠷᠤᠭ᠎ᠠ᠄ ᠼᠤᠤ ᠱᠤ᠋ ᠮᠢᠨ 2024 ᠣᠨ ᠤ 3 ᠳ᠋ᠤᠭᠠᠷ ᠰᠠᠷ᠎ᠠ ᠶᠢᠨ 4 ᠤ ᠡᠳᠦᠷ | ︽ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ︾ ᠶᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ | ᠪᠥᠬᠦ ᠲᠠᠯ᠎ᠠ ᠪᠠᠷ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠲᠦᠷᠢᠮ ᠲᠣᠭᠲᠠᠭᠠᠯ ᠲᠣᠭᠲᠠᠭᠠᠬᠤ ᠳᠠᠷᠠᠭᠠᠯᠠᠯ ᠤᠨ ᠲᠦᠷᠢᠮ︾ ᠤᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ︽ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ︾ ︵ᠤᠯᠤᠰ ᠤᠨ ᠷᠠᠳᠢᠣ᠋ ᠺᠢᠨᠣ᠋ | ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠠᠷᠯᠢᠭ 5 ᠳ᠋ᠤᠭᠠᠷ ᠲᠣᠭᠠᠲᠤ︶ ᠶᠢ ᠬᠦᠴᠦᠨ ᠥᠬᠡᠶ ᠪᠣᠯᠭᠠᠬᠤ ᠪᠠᠷ ᠲᠣᠭᠲᠠᠪᠠ᠃ | |