| | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠶᠢᠨ | ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠲᠢᠩᠬᠢᠮ᠂ ᠺᠢᠨᠣ᠋ ᠶᠢᠨ ᠰᠤᠪᠠᠭ ᠤᠨ ᠫᠷᠦᠭᠷᠡᠮ ᠤᠨ | ᠲᠥᠪ᠂ ᠳᠤᠮᠳᠠᠳᠤ ᠤᠯᠤᠰ ᠤᠨ ᠰᠤᠷᠭᠠᠨ ᠬᠥᠮᠥᠵᠢᠯ ᠤᠨ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ | ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠡᠯ᠎ᠡ ᠬᠠᠮᠢᠶ᠎ᠠ ᠪᠦᠬᠦᠢ ᠨᠢᠭᠡᠴᠢ ᠳᠤ᠄ | ᠷᠠᠳᠢᠣ᠋ ᠲᠧᠯᠸᠢᠰ ᠤᠨ ᠨᠡᠪᠲᠡᠷᠡᠭᠦᠯᠭᠡ ᠪᠠ ᠰᠦᠯᠵᠢᠶᠡᠨ ᠤ ᠠᠮᠤᠷ ᠲᠦᠪᠰᠢᠨ ᠢ ᠪᠠᠲᠤᠯᠠᠵᠤ᠂ ᠷᠠᠳᠢᠣ᠋ ᠲᠧᠯᠸᠢᠰ ᠤᠨ ᠬᠡᠷᠡᠭᠯᠡᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠬᠤ ᠶᠢ | ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠠᠷᠯᠢᠭ 1 ᠳ᠋ᠦ᠋ᠭᠡᠷ ᠲᠣᠭᠠᠲᠤ︶ ᠶᠢᠨ | ᠶᠣᠰᠣᠭᠠᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ | ᠣᠷᠣᠭᠤᠯᠵᠤ ᠮᠠᠭᠠᠳᠯᠠᠨ ᠲᠣᠭᠲᠠᠭᠠᠬᠤ ᠲᠥᠷᠥᠯ ᠵᠦᠢᠯ ᠤᠨ ᠬᠦᠰᠦᠨᠦᠭᠲᠦ ︵2024 ᠣᠨ ᠤ ᠬᠡᠪᠯᠡᠯ︶︾ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠳᠦᠭᠡ | ᠨᠡᠶᠢᠲᠡᠯᠡᠪᠡ᠃ | ᠡᠯ᠎ᠡ ᠱᠠᠲᠤᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ᠂ ᠲᠠᠮᠵᠢᠭᠤᠯᠭ᠎ᠠ ᠶᠢᠨ ᠪᠦᠷᠬᠦᠴᠡ ᠶᠢᠨ ᠰᠦᠯᠵᠢᠶ᠎ᠡ ᠪᠠ ᠬᠢᠨᠠᠨ ᠬᠡᠮᠵᠢᠵᠦ ᠬᠢᠨᠠᠨ | ᠬᠠᠮᠢᠶᠠᠷᠬᠤ ᠰᠦᠯᠵᠢᠶ᠎ᠡ ᠵᠡᠷᠭᠡ ᠠᠵᠢᠯᠯᠠᠭᠠᠨ ᠤ ᠨᠢᠭᠡᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠳᠤ ᠣᠷᠣᠭᠤᠯᠬᠤ ᠮᠠᠭᠠᠳᠯᠠᠨ | ᠲᠣᠭᠲᠠᠭᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠲᠥᠷᠥᠯ ᠵᠦᠢᠯ ᠤᠨ ᠬᠦᠰᠦᠨᠦᠭᠲᠦ ᠲᠠᠢ ᠬᠠᠷᠢᠴᠠᠭᠤᠯᠤᠨ᠂ ᠬᠤᠳᠠᠯᠳᠤᠨ ᠠᠪᠴᠤ | ᠬᠡᠷᠡᠭᠯᠡᠬᠦ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠬᠤ ᠮᠠᠭᠠᠳᠯᠠᠨ ᠲᠣᠭᠲᠠᠭᠠᠬᠤ ᠦᠨᠡᠮᠯᠡᠯ ᠪᠠᠶᠢᠬᠤ ᠡᠰᠡᠬᠦ ᠶᠢ ᠴᠢᠩᠭ᠎ᠠ ᠬᠢᠨᠠᠨ | ᠬᠠᠷᠭᠤᠭᠤᠯᠵᠤ᠂ ᠰᠦᠯᠵᠢᠶᠡᠨ ᠳᠤ ᠣᠷᠤᠬᠤ ᠮᠠᠭᠠᠳᠯᠠᠨ ᠲᠣᠭᠲᠠᠭᠠᠬᠤ ᠦᠨᠡᠮᠯᠡᠯ ᠣᠯᠣᠭᠠᠳᠤᠢ ᠪᠣᠯ ᠲᠥᠬᠦᠭᠡᠷᠦᠮᠵᠢ ᠪᠠᠭᠠᠵᠢ ᠬᠡᠷᠡᠭᠰᠡᠯ ᠢ ᠬᠤᠳᠠᠯᠳᠤᠨ ᠠᠪᠴᠤ | ᠬᠡᠷᠡᠭᠯᠡᠵᠦ ᠪᠣᠯᠬᠤ ᠥᠬᠡᠶ᠃ | ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠪᠢᠴᠢᠭ ᠮᠠᠲ᠋ᠧᠷᠢᠶᠠᠯ ᠢ ᠬᠠᠷᠢᠶ᠎ᠠ ᠣᠷᠣᠨ ᠤ ᠪᠠᠨ | ᠲᠥᠬᠦᠭᠡᠷᠦᠮᠵᠢ ᠶᠢ ᠬᠡᠷᠡᠭᠯᠡᠬᠦ ᠬᠤᠯᠪᠣᠭᠳᠠᠯ ᠪᠥᠬᠦᠶ ᠨᠢᠭᠡᠴᠢ ᠳᠤ ᠰᠢᠯᠵᠢᠭᠦᠯᠦᠨ ᠥᠭᠬᠦ ᠶᠢᠨ ᠬᠠᠮᠲᠤ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃ | | | | | ᠤᠯᠤᠰ ᠤᠨ ᠷᠠᠳᠢᠤ᠋ ᠲᠧᠯᠧᠢᠰ ᠤᠨ ᠶᠡᠷᠦᠩᠬᠡᠢ ᠲᠤᠪᠴᠢᠶ᠎ᠠ | 2024 ᠣᠨ ᠤ 5 ᠳ᠋ᠤᠭᠠᠷ ᠰᠠᠷ᠎ᠠ ᠶᠢᠨ 31 ᠤ ᠡᠳᠦᠷ | | | | | | ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠵᠤ ᠮᠠᠭᠠᠳᠯᠠᠨ ᠲᠣᠭᠲᠠᠭᠠᠬᠤ ᠲᠥᠷᠥᠯ ᠵᠦᠢᠯ ᠤᠨ ᠬᠦᠰᠦᠨᠦᠭᠲᠦ ︵ | 2024 ᠣᠨ ᠤ ᠬᠡᠪᠯᠡᠯ︶︾ .pdf | | | |