| | ᠥᠪᠥᠷ ᠰᠤᠷᠭᠠᠨ ᠳᠡᠭᠡᠳᠦ ᠪᠢᠴᠢᠭ ︹2024︺ 91 ᠳ᠋ᠦ᠋ᠭᠡᠷ ᠲᠣᠭᠠᠲᠤ | | | ᠡᠯ᠎ᠡ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ | ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠢ ᠡᠷᠬᠢᠯᠡᠬᠦ ᠲᠤᠬᠠᠢ ᠮᠡᠳᠡᠭᠳᠡᠯ︾ ︵ᠥᠪᠥᠷ ᠰᠤᠷᠭᠠᠨ ᠳᠡᠭᠡᠳᠦ ᠪᠢᠴᠢᠭ ︹2024︺ 43 ᠳ᠋ᠤᠭᠠᠷ ᠲᠣᠭᠠᠲᠤ︶ ᠤᠨ ᠲᠣᠬᠢᠷᠠᠭᠤᠯᠤᠯᠲᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ 11 ᠳ᠋ᠦ᠋ᠭᠡᠷ ᠰᠠᠷ᠎ᠠ ᠶᠢᠨ 30 - 12 ᠳ᠋ᠤᠭᠠᠷ ᠰᠠᠷ᠎ᠠ ᠶᠢᠨ | 1 ᠤ ᠡᠳᠦᠷ ᠪᠣᠯᠲᠠᠯ᠎ᠠ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ | ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠡᠷᠬᠢᠯᠡᠵᠦ᠂ ᠣᠨᠴᠠ ᠳᠡᠰ ᠤᠨ ᠱᠠᠩᠨᠠᠯ 4᠂ ᠨᠢᠭᠡᠳᠦᠭᠡᠷ | ᠳᠡᠰ ᠤᠨ ᠱᠠᠩᠨᠠᠯ 16᠂ ᠬᠤᠶᠠᠳᠤᠭᠠᠷ ᠳᠡᠰ ᠤᠨ ᠱᠠᠩᠨᠠᠯ 39 ᠶᠢ ᠰᠢᠯᠭᠠᠷᠠᠭᠤᠯᠪᠠ᠃ ᠡᠭᠦᠨ ᠤ ᠬᠠᠮᠲᠤ᠂ ᠤᠷᠤᠯᠳᠤᠭᠠᠨ ᠳᠤ ᠣᠷᠣᠯᠴᠠᠭᠰᠠᠨ ᠶᠡᠭᠡ ᠳᠡᠭᠡᠳᠦ | ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠣᠯᠴᠠᠭᠰᠠᠨ ᠪᠠᠭᠰᠢ ᠵᠢᠴᠢ ᠱᠠᠩᠨᠠᠯ ᠣᠯᠤᠭᠰᠠᠨ ᠪᠠᠶᠢᠳᠠᠯ ᠵᠡᠷᠭᠡ ᠶᠢ ᠶᠡᠷᠦᠩᠬᠡᠶᠢᠯᠡᠨ | ᠪᠣᠳᠣᠯᠬᠢᠯᠠᠵᠤ᠂ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ 8 ᠶᠢ ᠲᠣᠭᠲᠠᠭᠠᠵᠤ᠂ ᠡᠳᠦᠭᠡ ᠱᠠᠩᠨᠠᠯ ᠭᠦᠷᠲᠡᠭᠰᠡᠳ ᠢ ᠨᠡᠶᠢᠲᠡᠯᠡᠪᠡ ︵ᠳᠠᠭᠠᠯᠳᠤᠭᠤᠯᠤᠯ ᠳᠤ | ᠦᠵᠡᠭᠡᠷᠡᠢ︶᠃ | ᠬᠥᠬᠢᠭᠦᠯᠦᠭᠳᠡᠨ ᠰᠠᠶᠢᠰᠢᠶᠠᠭᠳᠠᠭᠰᠠᠨ ᠶᠡᠭᠡ ᠳᠡᠭᠡᠳᠦ ᠰᠤᠷᠭᠠᠭᠤᠯᠢ ᠪᠣᠯᠤᠨ ᠪᠠᠭᠰᠢ ᠨᠠᠷ ᠢᠶᠠᠷ ᠦᠯᠢᠭᠡᠷ ᠳᠠᠭᠤᠷᠢᠶᠠᠯ ᠪᠣᠯᠭᠠᠵᠤ᠂ ᠶᠡᠭᠡ ᠳᠡᠭᠡᠳᠦ | ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠵᠤ᠂ ᠥᠷᠭᠡᠨ ᠣᠯᠠᠨ | ᠪᠠᠭᠰᠢ ᠶᠢᠨ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠢᠳᠡᠪᠬᠢᠲᠡᠢ ᠳᠠᠶᠢᠴᠢᠯᠠᠨ᠂ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢᠨ ︽ᠭᠤᠣᠯ | ᠬᠦᠴᠦᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠬᠢᠴᠢᠶᠡᠯ ᠪᠣᠯᠤᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠢ | ᠵᠡᠷᠭᠡ ᠪᠠᠷ ᠶᠠᠪᠤᠭᠳᠠᠭᠤᠯᠬᠤ ᠶᠢ ᠠᠬᠢᠭᠤᠯᠤᠨ᠂ ᠪᠦᠬᠦ ᠠᠵᠢᠯᠲᠠᠨ ᠪᠦᠬᠦ ᠶᠠᠪᠤᠴᠠ ᠳᠤ ᠪᠦᠬᠦ ᠲᠠᠯ᠎ᠠ ᠪᠠᠷ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯᠠᠭᠤᠯᠤᠯᠲᠠ ᠶᠢ | ᠢᠳᠡᠪᠬᠢᠲᠡᠢ ᠪᠠᠶᠢᠭᠤᠯᠬᠤ ᠶᠢ ᠬᠦᠰᠡᠵᠦ ᠪᠠᠶᠢᠨ᠎ᠠ᠃ | ᠳᠠᠭᠠᠯᠳᠤᠭᠤᠯᠤᠯ᠄ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ | ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠱᠠᠩᠨᠠᠯ ᠭᠦᠷᠲᠡᠭᠰᠡᠳ ᠤᠨ ᠨᠡᠷᠡᠰ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 12 ᠰᠠᠷ᠎ᠠ ᠶᠢᠨ 4 ᠤ ᠡᠳᠦᠷ | | | | | | ᠳᠠᠭᠠᠯᠳᠤᠭᠤᠯᠤᠯ 1᠄ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ | ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠱᠠᠩᠨᠠᠯ ᠭᠦᠷᠲᠡᠭᠰᠡᠳ ᠤᠨ ᠨᠡᠷᠡᠰ .docx | | | |