ᠬᠠᠭᠤᠴᠢᠨ ᠪᠠᠷᠭᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠶᠢᠨ ︽  ᠢᠳᠡᠭᠡᠮᠵᠢᠳᠤ+  ᠰᠢᠨᠵᠢᠯᠡᠭᠡ ᠮᠡᠷᠭᠡᠵᠢᠯ ᠤᠨ ᠦᠢᠯᠡᠴᠢᠯᠡᠭᠡ︾ ᠶᠢᠨ ᠠᠵᠢᠯ ᠤᠨ ᠳ᠋ᠦᠩᠨᠡᠯᠲᠡ ︵12 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2024/12/26
           2024 ᠣᠨ ᠳᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ︽ᠢᠲᠡᠭᠡᠮᠵᠢᠲᠦ+  ᠰᠢᠨᠵᠢᠯᠡᠭᠡ ᠮᠡᠷᠭᠡᠵᠢᠯ ᠤᠨ ᠦᠢᠯᠡᠴᠢᠯᠡᠭᠡ︾ ᠶᠢᠨ ᠠᠵᠢᠯ ᠢ ᠦᠷᠭᠦᠯᠵᠢᠯᠡᠨ ᠢᠳᠡᠪᠬᠢᠲᠡᠶ ᠳᠡᠯᠭᠡᠷᠡᠭᠦᠯᠵᠦ᠂ ︽ᠢᠲᠡᠭᠡᠮᠵᠢᠲᠦ+  ᠰᠢᠨᠵᠢᠯᠡᠭᠡ ᠮᠡᠷᠭᠡᠵᠢᠯ ᠤᠨ ᠦᠢᠯᠡᠴᠢᠯᠡᠭᠡ︾ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠯᠡᠨ ᠵᠢᠱᠢᠵᠦ ᠬᠥᠮᠥᠷᠭᠡ ᠳᠤ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠲᠠᠢ ᠤᠶᠠᠯᠳᠤᠭᠤᠯᠤᠨ᠂ ᠢᠲᠡᠭᠡᠮᠵᠢ ᠰᠠᠶᠢᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠰᠣᠩᠭᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠰᠣᠩᠭᠤᠨ ᠭᠠᠷᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠰᠠᠶᠢᠨ ᠰᠠᠶᠢᠬᠠᠨ ᠠᠵᠤ ᠠᠬᠤᠶᠢᠯᠠᠯ ᠢ ᠰᠣᠩᠭᠤᠨ ᠲᠠᠨᠢᠯᠴᠠᠭᠤᠯᠤᠨ ᠲᠥᠷᠥᠯ ᠵᠦᠢᠯ ᠲᠣᠭᠲᠠᠭᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠪᠣᠯᠭᠠᠨ ᠡᠭᠦᠳᠦᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠲᠠᠨᠢᠯᠴᠠᠭᠤᠯᠤᠨ ᠲᠥᠷᠥᠯ ᠵᠦᠢᠯ ᠲᠣᠭᠲᠠᠭᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠢ ᠡᠭᠦᠳᠦᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠮᠠᠭᠠᠳᠯᠠᠨ ᠲᠣᠭᠲᠠᠭᠠᠵᠤ ᠬᠥᠮᠥᠷᠭᠡ ᠳᠤ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠵᠡᠷᠭᠡ ᠠᠵᠢᠯ ᠤᠨ ᠤᠷᠢᠳᠠᠴᠢ ᠨᠥᠬᠦᠴᠡᠯ ᠢ ᠦᠷᠭᠦᠯᠵᠢᠯᠡᠨ ᠪᠦᠷᠢᠯᠳᠦᠭᠦᠯᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠦᠭᠰᠡᠨ ᠨᠢᠭᠡᠴᠢ ᠪᠠ ᠰᠡᠳᠦᠪ ᠤᠨ ᠬᠠᠷᠢᠭᠤᠴᠠᠯᠭᠠᠲᠠᠨ ᠳᠤ ᠤᠷᠢᠳᠴᠢᠯᠠᠨ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠵᠦ᠂ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢ ᠬᠦᠨᠳᠦ ᠨᠣᠴᠢᠲᠠᠶ ᠵᠥᠷᠢᠴᠡᠭᠰᠡᠨ ᠨᠢᠭᠡᠴᠡ ᠪᠠ ᠬᠤᠪᠢ ᠬᠥᠮᠦᠨ ᠤ ᠲᠥᠷᠥᠯ ᠵᠦᠢᠯ ᠢ ᠪᠠᠲᠤᠯᠠᠨ ᠲᠠᠨᠢᠯᠴᠠᠭᠤᠯᠬᠤ ᠪᠠ ᠱᠠᠩᠨᠠᠬᠤ ᠬᠢᠷᠢ ᠬᠡᠮ ᠢ ᠨᠢ ᠬᠦᠴᠦᠨ ᠦᠬᠡᠢ ᠪᠤᠯᠭᠠᠨ᠎ᠠ᠃          ᠬᠠᠭᠤᠴᠢᠨ ᠪᠠᠷᠭᠤ  ᠬᠤᠰᠢᠭᠤᠨ ᠤ ᠲᠠᠷᠢᠶᠠᠯᠠᠩ  ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ                        2024 ᠣᠨ ᠤ 12 ᠰᠠᠷ᠎ᠠ ᠶᠢᠨ 24 ᠤ ᠡᠳᠦᠷ
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ