| | ᠬᠦᠯᠦᠨ ᠵᠠᠰᠠᠭ ᠦᠰᠦᠭ ︹2020︺ 43 ᠳ᠋ᠤᠭᠠᠷ ᠲᠣᠭᠠᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ︽︿ᠬᠥᠯᠥᠨ ᠪᠤᠶᠢᠷ ᠬᠤᠲᠠ ᠶᠢᠨ ᠰᠢᠨ᠎ᠡ ᠲᠣᠭᠤᠷᠢᠭ ᠤᠨ ᠵᠡᠭᠦᠨ ᠠᠭᠤᠯᠠ ᠶᠢᠨ ᠬᠤᠶᠢᠲᠤ ᠬᠡᠰᠡᠭ ︵ᠬᠠᠶᠢᠯᠠᠷ︶ ᠤᠨ ᠪᠦᠯᠬᠦᠮ | ᠪᠠᠶᠢᠭᠤᠯᠬᠤ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠵᠢᠴᠢ ᠬᠤᠲᠠ ᠶᠢᠨ ᠵᠢᠷᠤᠭ ᠲᠥᠯᠥᠪᠯᠡᠭᠡ ︵ᠵᠠᠰᠠᠪᠤᠷᠢ ᠣᠷᠣᠭᠤᠯᠬᠤ︶ ᠶᠢᠨ ᠲᠤᠬᠠᠶ ᠵᠢᠭᠠᠪᠤᠷᠢ | ᠠᠪᠬᠤ ᠮᠡᠳᠡᠭᠦᠯᠦᠯᠲᠡ ᠶᠢᠨ ᠴᠤᠬᠤᠯᠠᠪᠤᠷᠢ︾ ︵ᠬᠦᠯᠦᠨ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ︹2020︺ 384 ᠳ᠋ᠤᠭᠡᠷ ᠲᠣᠭᠠᠲᠤ︶ ᠶᠢ ᠬᠤᠷᠢᠶᠠᠨ | ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ︽ᠬᠥᠯᠥᠨ ᠪᠤᠶᠢᠷ ᠬᠤᠲᠠ ᠶᠢᠨ ᠰᠢᠨ᠎ᠡ ᠲᠣᠭᠤᠷᠢᠭ ᠤᠨ ᠵᠡᠭᠦᠨ ᠠᠭᠤᠯᠠ ᠶᠢᠨ ᠬᠤᠶᠢᠲᠤ ᠬᠡᠰᠡᠭ ︵ᠬᠠᠶᠢᠯᠠᠷ︶ ᠤᠨ ᠪᠦᠯᠬᠦᠮ ᠪᠠᠶᠢᠭᠤᠯᠬᠤ | ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠵᠢᠴᠢ ᠬᠤᠲᠠ ᠶᠢᠨ ᠵᠢᠷᠤᠭ ᠲᠥᠯᠥᠪᠯᠡᠭᠡ ︵ᠵᠠᠰᠠᠪᠤᠷᠢ ᠣᠷᠣᠭᠤᠯᠬᠤ︶︾ ᠶᠢᠨ ᠦᠷ᠎ᠡ ᠪᠦᠲᠦᠭᠡᠯ ᠢ ᠵᠠᠷᠴᠢᠮ | ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠠᠭᠤᠯᠭ᠎ᠠ ᠶᠢ ᠴᠢᠩᠭ᠎ᠠ ᠵᠢᠷᠤᠮᠯᠠᠨ ᠬᠠᠤᠯᠢ ᠶᠣᠰᠣᠭᠠᠷ ᠵᠠᠰᠠᠭ ᠶᠠᠪᠤᠭᠤᠯᠵᠤ᠂ ᠲᠥᠯᠥᠪᠵᠢᠭᠦᠯᠭᠡ ᠶᠢ | ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠃ | ᠭᠤᠷᠪᠠ᠂ ᠨᠠᠷᠢᠨ ᠲᠦᠯᠦᠪᠵᠢᠬᠦᠯᠭᠡ ᠨᠢ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠳᠠ ᠶᠢ ᠬᠡᠷᠡᠭᠵᠢᠭᠦᠯᠬᠦ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠬᠤᠲᠠ ᠬᠥᠳᠡᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠡᠷᠭᠡ ᠠᠵᠢᠯᠯᠠᠭ᠎ᠠ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠪᠣᠯᠬᠤ ᠦᠢᠯᠡᠳᠦᠯ ᠢ | ᠦᠨᠡᠨᠬᠦ ᠪᠠᠳᠠᠷᠠᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠡᠷᠬᠡᠪᠰᠢ ᠴᠢᠩᠭ᠎ᠠ ᠵᠢᠷᠤᠮᠯᠠᠨ᠂ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ᠃ | ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠶ ᠪᠣᠯ᠂ ᠵᠤᠬᠢᠬᠤ ᠬᠠᠤᠯᠢ ᠶᠤᠰᠤᠨ ᠤ ᠵᠢᠷᠤᠮ ᠢ ᠵᠢᠷᠤᠮᠯᠠᠨ᠎ᠠ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | | | | | | 2024 ᠣᠨ ᠤ 9 ᠰᠠᠷ᠎ᠠ ᠶᠢᠨ 19 ᠤ ᠡᠳᠦᠷ | | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | |