| | ᠡᠨᠡ ᠵᠢᠯ ᠠᠴᠠ ᠨᠠᠰᠢ᠂ ᠬᠠᠭᠤᠴᠢᠨ ᠪᠠᠷᠭᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠠᠵᠢᠯ ᠠᠯᠳᠠᠯᠲᠠ ᠶᠢᠨ ᠲᠠᠭᠠᠤᠨᠬᠠᠯ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠢ ᠪᠠᠳᠠᠷᠠᠭᠤᠯᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠪᠠᠷ ᠭᠠᠷᠳᠠᠴᠠ ᠪᠣᠯᠭᠠᠨ᠂ ᠠᠵᠢᠯ ᠠᠯᠳᠠᠯᠲᠠ ᠶᠢᠨ ᠲᠠᠭᠠᠤᠨᠬᠠᠯ ᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠠᠵᠢᠯ | ᠠᠯᠳᠠᠯᠲᠠ ᠶᠢᠨ ᠲᠠᠭᠠᠤᠨᠬᠠᠯ ᠤᠨ ᠠᠮᠢᠳᠤᠷᠠᠯ ᠢ ᠪᠠᠲᠤᠯᠠᠬᠤ᠂ ᠠᠵᠢᠯ ᠣᠯᠭᠤᠯᠲᠠ ᠶᠢ ᠠᠬᠢᠭᠤᠯᠬᠤ᠂ ᠠᠵᠢᠯ ᠠᠯᠳᠠᠬᠤ ᠶᠢ ᠰᠡᠷᠭᠡᠢᠯᠡᠬᠦ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠪᠠ᠃ | ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ︽ᠬᠠᠰᠤᠬᠤ ᠠᠷᠭ᠎ᠠ︾ ᠶᠢ ᠬᠡᠷᠡᠭᠵᠢᠭᠦᠯᠵᠦ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶ᠎ᠡ ᠶᠢᠨ ᠴᠢᠨᠠᠷᠲᠠᠶ ᠪᠠᠭᠤᠷᠠᠭᠤᠯᠬᠤ ᠶᠢ | ᠦᠷᠭᠦᠯᠵᠢᠯᠡᠨ ᠬᠡᠷᠡᠭᠵᠢᠭᠦᠯᠵᠦ᠂ 2024 ᠣᠨ ᠳᠤ ᠨᠡᠶᠢᠲᠡ 296 ᠳᠠᠭᠠᠳᠬᠠᠯ ᠳᠤ ᠣᠷᠣᠯᠴᠠᠬᠤ ᠨᠢᠭᠡᠴᠡ ᠳᠤ 1137 ᠲᠦᠮᠡᠨ ᠲᠥᠭᠦᠷᠢᠭ ᠥᠭᠴᠦ᠂ | 10125 ᠬᠥᠮᠦᠨ ᠳᠤ ᠠᠰᠢᠭ ᠬᠦᠷᠲᠡᠭᠡᠪᠡ᠃ ︽ᠵᠢᠵᠢᠭ ᠳᠠᠭᠠᠳᠬᠠᠯ ᠤᠨ ᠵᠦᠢᠯ︾ ᠨᠢ ︽ᠲᠣᠮᠣ ᠠᠷᠠᠳ ᠤᠨ ᠠᠮᠢᠳᠤᠷᠠᠯ︾ ᠢ ᠪᠡᠶᠡᠯᠡᠭᠦᠯᠵᠦ᠂ ᠠᠵᠢᠯ | ᠠᠯᠳᠠᠭᠰᠠᠳ ᠤᠨ ᠳᠠᠭᠠᠳᠬᠠᠯ ᠤᠨ ︽ᠠᠮᠢᠳᠤᠷᠠᠯ ᠢ ᠪᠠᠲᠤᠯᠠᠬᠤ᠂ ᠠᠵᠢᠯ ᠠᠯᠳᠠᠯᠲᠠ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ︾ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠠᠯᠳᠠᠭᠰᠠᠳ ᠤᠨ ᠳᠠᠭᠠᠳᠬᠠᠯ ᠤᠨ ︽ᠵᠢᠵᠢᠭ ᠳᠠᠭᠠᠳᠬᠠᠯ︾ ᠢᠶᠠᠷ ᠠᠵᠢᠯ ᠠᠯᠳᠠᠭᠰᠠᠳ ᠢ ᠬᠠᠪᠰᠤᠷᠤᠨ ᠬᠦᠴᠢᠷ ᠢ | ᠲᠤᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ︽ᠶᠡᠭᠡ ᠠᠵᠢᠯᠯᠠᠭ᠎ᠠ︾ ᠶᠢ ᠪᠡᠶᠡᠯᠡᠭᠦᠯᠵᠦ᠂ 2024 ᠣᠨ ᠳᠤ ᠬᠤᠪᠢ ᠬᠥᠮᠦᠨ ᠤ ᠪᠤᠰᠤ ᠬᠦᠰᠡᠯ | ᠡᠷᠡᠮᠡᠯᠵᠡᠯ ᠢᠶᠠᠨ ᠲᠠᠰᠤᠯᠳᠠᠭᠤᠯᠤᠭᠰᠠᠨ 230 ᠨᠡᠷᠡᠰ ᠳᠠᠭᠠᠳᠬᠠᠯ ᠳᠤ ᠣᠷᠣᠯᠴᠠᠭᠰᠠᠳ ᠲᠤ ᠠᠵᠢᠯ ᠠᠯᠳᠠᠭᠰᠠᠨ ᠮᠥᠩᠭᠦ 220.9 ᠲᠦᠮᠡᠨ ᠲᠥᠭᠦᠷᠢᠭ ᠣᠯᠭᠤᠪᠠ᠃ | | ︽ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠨᠥᠬᠦᠪᠥᠷᠢ ᠣᠯᠭᠤᠬᠤ ᠨᠢ ᠬᠥᠮᠦᠰ ᠤᠨ ᠰᠡᠳᠬᠢᠯ ᠢ | ᠳᠤᠯᠠᠭᠠᠴᠠᠭᠤᠯᠤᠨ᠎ᠠ︾᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ | ᠠᠵᠢᠯᠲᠠᠨ ᠠᠵᠢᠯᠴᠢᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢᠨ ᠲᠥᠯᠥᠭᠡ᠂ 2024 ᠣᠨ ᠳᠤ ᠨᠡᠶᠢᠲᠡ 171 ᠠᠵᠤ ᠠᠬᠤᠶᠢᠯᠠᠯ ᠤᠨ ᠠᠵᠢᠯᠲᠠᠨ | ᠠᠵᠢᠯᠴᠢᠨ ᠳᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ 52.03 ᠲᠦᠮᠡᠨ ᠲᠥᠭᠦᠷᠢᠭ ᠲᠠᠷᠬᠠᠭᠠᠪᠠ᠃ ︽ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ᠠᠵᠤ ᠠᠬᠤᠶᠢᠯᠠᠯ ᠢ ᠤᠷᠤᠭᠰᠢᠯᠠᠭᠤᠯᠬᠤ ᠳᠤ ᠬᠦᠴᠦᠨ ᠨᠡᠮᠡᠷᠢᠯᠡᠵᠦ︾᠂ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ | ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠠᠵᠤ ᠠᠬᠤᠶᠢᠯᠠᠯ ᠢ ᠬᠠᠪᠰᠤᠷᠤᠨ ᠳᠠᠷᠤᠭᠠᠰᠤ ᠶᠢ ᠬᠥᠩᠭᠡᠷᠡᠭᠦᠯᠵᠦ᠂ 2024 ᠣᠨ ᠳᠤ 63 ᠠᠵᠤ | ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ 380.8 ᠲᠦᠮᠡᠨ ᠲᠥᠭᠦᠷᠢᠭ ᠲᠠᠷᠬᠠᠭᠠᠪᠠ᠃ | ᠲᠠᠷᠠᠭᠠᠴᠢ ᠶᠢᠨ ᠠᠯᠬᠤᠮ ᠳᠤ ᠬᠠᠭᠤᠴᠢᠨ ᠪᠠᠷᠭᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠵᠢᠯ ᠠᠯᠳᠠᠯᠲᠠ ᠶᠢᠨ ᠳᠠᠭᠠᠳᠬᠠᠯ ᠤᠨ | ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ︽ᠠᠮᠢᠳᠤᠷᠠᠯ ᠢ ᠪᠠᠲᠤᠯᠠᠬᠤ᠂ ᠠᠵᠢᠯ | ᠠᠯᠳᠠᠯᠲᠠ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ︾ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠢᠯ ᠠᠯᠳᠠᠭᠰᠠᠳ ᠤᠨ ᠳᠠᠭᠠᠳᠬᠠᠯ ᠤᠨ | ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠬᠤ ᠶᠢ ᠪᠠᠳᠤᠯᠠᠨ᠎ᠠ᠃ | | | | | | | | ᠬᠠᠭᠤᠴᠢᠨ ᠪᠠᠷᠭᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ | 2024 ᠣᠨ ᠤ 12 ᠰᠠᠷ᠎ᠠ ᠶᠢᠨ 26 ᠤ ᠡᠳᠦᠷ | | |