ᠢᠷᠦᠭᠡᠯ ᠮᠠᠭᠲᠠᠭᠠᠯ ᠪᠤᠯ ᠤᠷᠠᠳ ᠮᠤᠩᠭᠤᠯᠴᠤᠳ ᠤᠨ ᠠᠷᠠᠳ ᠤᠨ ᠤᠳᠬ᠎ᠠ ᠵᠤᠬᠢᠶᠠᠯ ᠤᠨ ᠴᠢᠬᠤᠯᠠ ᠪᠦᠷᠢᠯᠳᠦᠭᠦᠨ ᠬᠡᠰᠡᠭ ᠤᠨ ᠨᠢᠭᠡ ᠨᠢ ᠪᠤᠯᠤᠨ᠎ᠠ᠃ | ᠡᠨᠡ ᠨᠢ ᠬᠤᠰᠢᠭᠤᠨ ᠤ ᠮᠠᠯᠴᠢᠳ ᠤᠨ ᠳᠤᠮᠳᠠ ᠨᠡᠶᠢᠳᠡᠮ ᠤᠯᠠᠮᠵᠢᠯᠠᠭᠳᠠᠭᠰᠠᠭᠠᠷ ᠪᠠᠶᠢᠵᠤ᠂ ᠦᠨᠢ ᠤᠳᠠᠭᠠᠨ ᠲᠡᠦᠬᠡ ᠶᠢᠨ ᠠᠭᠤᠯᠭ᠎ᠠ ᠲᠠᠢ᠂ ᠦᠨᠢ ᠤᠳᠠᠭᠠᠨ | ᠤᠯᠠᠮᠵᠢᠯᠠᠯ ᠲᠠᠢ ᠪᠠᠶᠢᠵᠤ᠂ ᠦᠢᠯᠡᠳᠪᠦᠷᠢᠯᠡᠯ᠂ ᠠᠵᠤ ᠠᠮᠢᠳᠤᠷᠠᠯ ᠤᠨ ᠡᠯ᠎ᠡ ᠲᠠᠯ᠎ᠠ ᠳᠤ ᠪᠦᠷ ᠬᠤᠯᠪᠤᠭᠳᠠᠭᠰᠠᠨ ᠪᠠᠶᠢᠳᠠᠭ᠃ ᠵᠢᠱᠢᠶᠡᠯᠡᠪᠡᠯ᠄ ︽ᠲᠡᠷᠢᠭᠦᠨ ᠮᠤᠷᠢᠨ | ᠤ ᠮᠠᠭᠲᠠᠭᠠᠯ︾ ︽ᠪᠦᠬᠡ ᠶᠢᠨ ᠢᠷᠦᠭᠡᠯ︾᠂ ︽ᠬᠤᠷᠢᠮ ᠨᠠᠶᠢᠷ ᠤᠨ ᠢᠷᠦᠭᠡᠯ︾᠂ ︽ᠪᠠᠭᠠᠲᠤᠷᠴᠤᠳ ᠤᠨ ᠮᠠᠭᠲᠠᠭᠠᠯ︾ ᠵᠡᠷᠭᠡ ᠨᠢ ᠦᠶ᠎ᠡ ᠤᠯᠠᠷᠢᠨ | ᠤᠯᠠᠮᠵᠢᠯᠠᠭᠳᠠᠵᠤ ᠢᠷᠡᠵᠡᠢ᠃ ᠨᠡᠩ ᠢᠯᠠᠩᠭᠤᠶ᠎ᠠ ᠮᠤᠷᠢᠨ ᠤ ᠮᠠᠭᠲᠠᠭᠠᠯ ᠨᠢ ᠦᠭᠡᠰ ᠢᠶᠠᠷ ᠪᠠᠶᠠᠯᠢᠭ᠂ ᠤᠳᠬ᠎ᠠ ᠪᠠᠷ ᠭᠦᠨ ᠪᠠᠶᠢᠳᠠᠭ᠃ | ᠢᠷᠦᠭᠡᠯ ᠮᠠᠭᠲᠠᠭᠠᠯ ᠨᠢ ᠭᠤᠤᠯᠳᠠᠭᠤ ᠨᠠᠭᠠᠳᠤᠮ ᠤᠨ ᠬᠤᠷᠠᠯ᠂ ᠪᠠᠶᠠᠷ ᠤᠨ ᠶᠤᠰᠤᠯᠠᠯ᠂ ᠬᠤᠷᠢᠮ ᠨᠠᠶᠢᠷ᠂ ᠰᠦᠮ᠎ᠡ ᠶᠢᠨ ᠬᠤᠷᠠᠯ᠂ ᠤᠪᠤᠭᠠᠨ ᠲᠠᠬᠢᠯᠭ᠎ᠠ ᠵᠡᠷᠭᠡ | ᠠᠵᠢᠯᠯᠠᠭ᠎ᠠ ᠳᠤ ᠬᠡᠷᠡᠭᠯᠡᠭᠳᠡᠳᠡᠭ᠃ ᠲᠤᠰ ᠤᠷᠤᠨ ᠨᠤᠲᠤᠭ ᠲᠠᠭᠠᠨ ᠨᠡᠷ᠎ᠡ ᠬᠦᠨᠳᠦᠲᠡᠢ᠂ ᠮᠠᠯᠴᠢᠨ ᠲᠦᠮᠡᠨ ᠳᠡᠭᠡᠨ ᠬᠦᠨᠳᠦᠳᠬᠡᠯ ᠬᠦᠷᠢᠶᠡᠯᠡᠯ ᠲᠠᠢ ᠠᠬᠠᠮᠠᠳ | ᠤᠷᠠᠯᠢᠭᠴᠢᠨ ᠨᠠᠷ ᠠᠴᠠ ᠠᠭᠤᠯᠭ᠎ᠠ ᠶᠢᠨ ᠳᠡᠰ ᠳᠠᠷᠠᠭᠠᠯᠠᠯ ᠢᠶᠠᠷ ᠢᠷᠦᠭᠡᠯ ᠮᠠᠭᠲᠠᠭᠠᠯ ᠢᠶᠠᠨ ᠡᠷᠭᠦᠵᠦ᠂ ᠦᠨᠳᠦᠰᠦᠳᠡᠨ ᠤ ᠬᠦᠨᠳᠦᠳᠬᠡᠯ ᠶᠤᠰᠤ ᠪᠠᠨ ᠢᠯᠡᠳᠬᠡᠭᠦ ᠶᠢᠨ | ᠬᠠᠮᠲᠤ᠂ ᠡᠯ᠎ᠡ ᠲᠦᠷᠦᠯ ᠤᠨ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠡᠯᠭᠡᠳᠡᠨ ᠵᠦᠩᠨᠡᠳᠡᠭ᠃ ᠲᠠᠪᠢᠭᠠᠳ ᠤᠨ ᠠᠴᠠ ᠬᠤᠶᠢᠰᠢ ᠡᠯ᠎ᠡ ᠲᠦᠷᠦᠯ ᠤᠨ | ᠢᠷᠦᠭᠡᠯ ᠮᠠᠭᠲᠠᠭᠠᠯ ᠨᠢ ᠰᠢᠨ᠎ᠡ ᠠᠭᠤᠯᠭ᠎ᠠ ᠪᠠ ᠬᠦᠭᠵᠢᠯᠲᠡ ᠲᠠᠢ ᠪᠤᠯᠵᠤ᠂ ᠰᠢᠨ᠎ᠡ ᠨᠡᠶᠢᠬᠢᠮ᠂ ᠰᠢᠨ᠎ᠡ ᠠᠮᠢᠳᠤᠷᠠᠯ᠂ ᠰᠢᠨ᠎ᠡ ᠰᠤᠷᠲᠠᠯ ᠢ ᠮᠠᠭᠳᠠᠨ ᠰᠠᠶᠢᠰᠢᠶᠠᠬᠤ ᠶᠢᠨ | ᠬᠠᠮᠲᠤ ᠪᠠᠰᠠ ᠨᠠᠮ ᠤᠨ ᠲᠦᠷᠦ ᠶᠢᠨ ᠪᠤᠳᠤᠯᠭ᠎ᠠ᠂ ᠦᠨᠳᠦᠰᠦᠳᠡᠨ ᠤ ᠪᠦᠯᠭᠦᠮᠳᠡᠯ᠂ ᠴᠠᠭ ᠦᠶ᠎ᠡ ᠶᠢᠨ ᠪᠠᠶᠢᠳᠠᠯ ᠢ ᠮᠠᠭᠲᠠᠨ ᠳᠠᠭᠤᠯᠠᠬᠤ ᠪᠤᠯᠵᠠᠢ᠃ ︽ᠤᠷᠠᠳ ᠤᠨ | ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ᠃ |