ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠬᠠᠮᠢᠶ᠎ᠠ ᠪᠦᠬᠦᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠥᠯᠢ ᠴᠠᠭᠠᠵᠠ ᠬᠠᠥᠯᠢ ᠳᠦᠷᠢᠮ | ᠵᠢᠴᠢ ᠬᠠᠮᠢᠶ᠎ᠠ ᠪᠦᠬᠦᠢ ᠲᠦᠷᠦ ᠶᠢᠨ ᠪᠤᠳᠦᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠵᠠᠬᠢᠳᠠᠯ | ᠰᠤᠷᠪᠤᠯᠵᠢᠯᠠᠯ ᠤᠨ ᠠᠵᠢᠯ ᠢ ᠵᠤᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃ | ᠬᠤᠶᠠᠷ᠂ ᠵᠠᠬᠢᠳᠠᠯ ᠰᠤᠷᠪᠤᠯᠵᠢᠯᠠᠯ ᠤᠨ ᠭᠦᠢᠴᠡᠳᠭᠡᠬᠦ ᠠᠵᠢᠯ ᠢ ᠠᠵᠢᠯ ᠢ ᠬᠠᠷᠢᠭᠤᠴᠠᠨ᠎ᠠ᠃ ᠳᠡᠭᠡᠲᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ | ᠬᠤᠰᠢᠭᠤᠨ ᠤ ᠨᠠᠮ ᠤᠨ ᠬᠤᠷᠢᠶ᠎ᠠ ᠵᠢᠴᠢ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠳᠠᠭᠠᠭᠠᠯᠭᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠭᠠᠭᠠᠴᠢᠯᠠᠨ | ᠭᠦᠢᠴᠡᠳᠭᠡᠨ᠎ᠡ᠃ ᠡᠷᠭᠡᠲᠦ ᠠᠷᠠᠳ᠂ ᠬᠠᠥᠯᠢ ᠶᠢᠨ ᠡᠷᠭᠡᠳᠡᠨ ᠬᠢᠭᠡᠳ ᠪᠤᠰᠤᠳ ᠵᠤᠬᠢᠶᠠᠨ ᠪᠠᠶᠢᠭᠤᠯᠤᠯᠲᠠ ᠠᠴᠠ ᠳᠤᠷᠠᠳᠤᠨ ᠭᠠᠷᠭᠠᠭᠰᠠᠨ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠬᠤ ᠪᠠ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ | ᠠᠵᠢᠯ ᠢ ᠬᠠᠷᠢᠭᠤᠴᠠᠨ᠎ᠠ᠃ ᠰᠦᠯᠵᠢᠶᠠᠨ ᠢᠶᠠᠷ ᠢᠷᠡᠭᠦᠯᠦᠭᠰᠡᠨ ᠵᠠᠬᠢᠳᠠᠯ ᠰᠤᠷᠪᠤᠯᠵᠢᠯᠠᠯ᠂ ᠵᠠᠬᠢᠳᠠᠯ ᠰᠤᠷᠪᠤᠯᠵᠢᠯᠠᠯ ᠤᠨ ᠤᠳᠠᠰᠤ ᠶᠢ ᠬᠦᠯᠢᠶᠠᠨ ᠠᠪᠴᠤ᠂ ᠵᠤᠬᠢᠶᠠᠨ | ᠪᠠᠶᠢᠭᠤᠯᠤᠨ ᠭᠦᠢᠴᠡᠳᠭᠡᠬᠦ ᠪᠠ ᠬᠠᠷᠢᠭᠤᠯᠲᠠ ᠥᠭᠬᠦ ᠠᠵᠢᠯ ᠢ ᠬᠠᠷᠢᠭᠤᠴᠠᠨ᠎ᠠ᠃ | ᠭᠤᠷᠪᠠ᠂ ᠵᠠᠬᠢᠳᠠᠯ ᠰᠤᠷᠪᠤᠯᠵᠢᠯᠠᠯ ᠤᠨ ᠱᠠᠭᠠᠷᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠵᠦᠢᠯᠡᠰ ᠢ ᠡᠯ᠎ᠡ ᠰᠤᠮᠤ ᠪᠠᠯᠭᠠᠰᠤ᠂ | ᠡᠯ᠎ᠡ ᠰᠠᠯᠠᠭ᠎ᠠ ᠮᠦᠴᠢᠷ ᠲᠤ ᠰᠢᠯᠵᠢᠭᠦᠯᠦᠨ ᠭᠦᠢᠴᠡᠳᠭᠡᠯᠭᠡᠬᠦ᠂ ᠲᠤᠰᠢᠶᠠᠨ ᠭᠦᠢᠴᠡᠳᠭᠡᠯᠭᠡᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠱᠠᠭᠠᠷᠳᠠᠨ | ᠪᠠᠶᠢᠴᠠᠭᠠᠵᠤ᠂ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ | ᠵᠤᠬᠢᠴᠠᠭᠤᠯᠵᠤ᠂ ᠱᠠᠭᠠᠷᠳᠠᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃ | ᠳᠦᠷᠪᠡ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠰᠤᠳᠤᠯᠤᠨ ᠮᠠᠭᠠᠳᠯᠠᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠠᠶᠢᠴᠠᠭᠠᠨ | ᠰᠢᠢᠳᠪᠦᠷᠢᠯᠡᠬᠦ ᠳᠦᠷᠢᠮ᠂ ᠨᠠᠮ ᠵᠠᠰᠠᠭ ᠤᠨ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠤᠨ ᠠᠵᠢᠯᠯᠠᠬᠤ ᠡᠳᠤᠷ ᠤᠨ ᠳᠦᠷᠢᠮ ᠢ ᠲᠤᠭᠳᠠᠭᠠᠬᠤ ᠶᠢᠨ ᠬᠠᠮᠲᠤ | ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠵᠠᠳᠠᠯᠤᠨ᠂ ᠲᠤᠷᠰᠢᠯᠭ᠎ᠠ ᠠᠷᠭ᠎ᠠ ᠪᠠᠨ ᠳ᠋ᠦᠩᠨᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ᠲᠠᠪᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠦᠭᠡᠷᠡᠴᠢᠯᠡᠯᠲᠡ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠬᠠᠥᠯᠢᠵᠢᠯ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠵᠢᠷᠭᠤᠭ᠎ᠠ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠦᠴᠢᠷ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ᠂ ᠨᠠᠮ ᠤᠨ ᠰᠤᠷᠳᠠᠯ ᠠᠷᠢᠭᠤᠨ | ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠦᠨᠳᠦᠰᠦᠨ ᠲᠤᠬᠠᠶᠢᠯᠠᠬᠠᠰᠠᠨ ᠠᠵᠢᠯ ᠤᠨ ᠪᠤᠯᠪᠠᠰᠤᠷᠠᠯ ᠤᠨ ᠠᠵᠢᠯ ᠢ ᠬᠠᠷᠢᠭᠤᠴᠠᠨ᠎ᠠ᠃ | ᠳᠤᠯᠤᠭ᠎ᠠ᠂ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠯᠪᠤᠭᠠᠲᠤ ᠬᠤᠷᠠᠯ ᠤᠨ ᠠᠯᠪᠠᠨ ᠭᠡᠷ ᠤᠨ ᠡᠳᠤᠷ ᠲᠤᠳᠤᠮ ᠤᠨ ᠠᠵᠢᠯ ᠢ ᠬᠠᠷᠢᠭᠤᠴᠠᠨ᠎ᠠ | ᠃ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠬᠤᠯᠪᠤᠭᠠᠲᠤ ᠬᠤᠷᠠᠯ ᠤᠨ ᠲᠤᠭᠳᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠱᠠᠭᠠᠷᠳᠠᠨ ᠪᠠᠶᠢᠴᠠᠭᠠᠨ᠎ᠠ᠃ | ᠨᠠᠢᠮᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | | |