ᠨᠢᠭᠡ᠂ ᠡᠷᠬᠡ ᠶᠢᠨ ᠬᠡᠪᠴᠢᠶᠠᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠠᠶᠢᠭᠤᠯᠬᠤ ᠵᠠᠰᠠᠨ ᠰᠡᠷᠭᠦᠭᠡᠬᠦ ᠬᠤᠯᠪᠤᠭᠳᠠᠯ | ᠪᠦᠬᠦᠢ ᠠᠵᠢᠯ ᠢ ᠬᠠᠷᠢᠭᠤᠴᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠠᠶᠢᠭᠤᠯᠬᠤ ᠵᠠᠰᠠᠨ ᠰᠡᠷᠭᠦᠭᠡᠬᠦ ᠲᠦᠷᠦ ᠶᠢᠨ ᠪᠤᠳᠤᠯᠭ᠎ᠠ | ᠂ ᠲᠦᠯᠦᠪᠵᠢᠭᠦᠯᠭᠡ᠂ ᠪᠠᠷᠢᠮᠵᠢᠶ᠎ᠡ ᠶᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠬᠡ ᠶᠢᠨ ᠬᠡᠪᠴᠢᠶᠠᠨ ᠳᠠᠬᠢ ᠤᠢ ᠰᠢᠭᠤᠢ ᠪᠠ | ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠠᠶᠢᠭᠤᠯᠬᠤ ᠰᠡᠷᠭᠦᠭᠡᠬᠦ ᠶᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠦ᠂ ᠤᠢ ᠰᠢᠭᠤᠢ ᠪᠠ ᠲᠠᠯ᠎ᠠ | ᠨᠤᠲᠤᠭ ᠤᠨ ᠭᠤᠤᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠪᠠᠶᠢᠭᠤᠯᠵᠦ ᠰᠡᠷᠭᠦᠭᠡᠬᠦ ᠢᠨᠵᠧᠨᠧᠷᠢᠩ ᠤᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠦᠵᠡᠮᠵᠢ ᠶᠢᠨ ᠨᠡᠷᠡᠲᠦ ᠤᠷᠤᠨ᠂ ᠪᠠᠶᠢᠭᠠᠯᠢ ᠶᠢᠨ ᠦᠪ ᠦᠯᠡᠳᠡᠭᠳᠡᠯ ᠪᠠ ᠡᠬᠡ | ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠬᠦᠳᠡᠯᠦᠩᠭᠦᠢ ᠬᠢᠨᠠᠨ ᠬᠡᠮᠵᠢᠬᠦ ᠪᠠ ᠦᠨᠡᠯᠡᠬᠦ ᠶᠢ ᠵᠤᠬᠢᠶᠠᠨ ᠪᠠᠶᠢᠭᠤᠯᠵᠦ ᠦᠷᠨᠢᠭᠦᠯᠦᠨ᠎ᠡ᠃ | ᠬᠤᠶᠠᠷ᠂ ᠡᠷᠬᠡ ᠶᠢᠨ ᠬᠡᠪᠴᠢᠶᠡᠨ ᠳᠠᠬᠢ ᠤᠢ ᠰᠢᠭᠤᠢ ᠡᠪᠡᠰᠦ ᠲᠠᠷᠢᠬᠤ ᠨᠤᠭᠤᠭᠠᠷᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ | ᠨᠡᠶᠢᠲᠡ ᠶᠢᠨ ᠠᠰᠠᠷᠠᠮᠵᠢ ᠶᠢᠨ ᠤᠢ᠂ ᠲᠠᠸᠠᠷ ᠤᠨ ᠤᠢ ᠶᠢᠨ ᠪᠤᠶᠢᠵᠢᠭᠤᠯᠤᠨ ᠡᠵᠡᠩᠨᠡᠬᠦ ᠶᠢ ᠵᠢᠯᠤᠭᠤᠳᠴᠦ᠂ ᠪᠦᠬᠦ ᠠᠷᠠᠳ ᠤᠨ ᠠᠯᠪᠠᠨ ᠵᠢᠷᠦᠮ ᠤᠨ ᠡᠪᠡᠰᠦ | ᠮᠤᠳᠤ ᠲᠠᠷᠢᠬᠤ᠂ ᠬᠤᠲᠠ ᠬᠦᠳᠡᠭᠡ ᠶᠢᠨ ᠨᠤᠭᠤᠭᠠᠷᠠᠭᠤᠯᠤᠯᠳᠠ ᠪᠠ ᠤᠢ ᠰᠢᠭᠤᠢ ᠶᠢᠨ ᠬᠤᠲᠠ ᠶᠢ ᠪᠦᠳᠦᠭᠡᠨ ᠪᠠᠶᠢᠭᠤᠯᠬᠤ ᠠᠵᠢᠯ ᠢ ᠵᠢᠯᠤᠭᠤᠳᠤᠨ ᠬᠢᠨᠠᠯᠲᠠ | ᠲᠠᠯᠪᠢᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠠᠵᠢᠯ ᠢ ᠵᠢᠯᠤᠭᠤᠳᠤᠨ᠎ᠠ᠃ | ᠤᠢ ᠰᠢᠭᠤᠢ ᠪᠠ ᠨᠤᠲᠤᠭ ᠪᠡᠯᠴᠢᠭᠡᠷ ᠤᠨ ᠴᠠᠭ ᠠᠭᠤᠷ ᠤᠨ ᠬᠤᠪᠢᠷᠠᠯᠳᠠ ᠶᠢ ᠠᠷᠭᠠᠴᠠᠭᠠᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃ ᠤᠷᠭᠤᠮᠠᠯ ᠬᠡᠷᠡᠯ ᠤᠨ | ᠨᠡᠶᠢᠯᠡᠯᠭᠡ ᠶᠢᠨ ᠦᠢᠯᠡᠳᠤᠯ ᠢᠶᠠᠷ ᠠᠭᠠᠷ ᠮᠠᠨᠳᠠᠯ ᠲᠤᠳᠤᠷᠠᠬᠢ ᠨᠡᠭᠦᠷᠡᠰᠦᠲᠦ᠋ᠷᠦᠭᠴᠢ ᠶᠢᠨ ᠲᠠᠪᠬᠤᠷ ᠢᠰᠤᠯ ᠢ ᠰᠢᠩᠭᠡᠭᠡᠨ ᠠᠪᠬᠤ ᠶᠢᠨ ᠬᠠᠮᠳᠤ ᠤᠷᠭᠤᠮᠠᠯ ᠤᠨ | ᠬᠤᠴᠢᠯᠭ᠎ᠠ ᠪᠠ ᠬᠦᠷᠤᠰᠤ ᠰᠢᠷᠤᠢ ᠶᠢᠨ ᠲᠤᠮᠳᠠ ᠲᠤᠭᠳᠠᠪᠤᠷᠢᠵᠢᠭᠤᠯᠵᠦ᠂ ᠡᠬᠦᠨ ᠠᠴᠠ ᠠᠭᠠᠷ ᠮᠠᠨᠳᠠᠯ ᠤᠨ ᠲᠤᠳᠤᠷᠠᠬᠢ ᠨᠡᠭᠦᠷᠡᠰᠦᠲᠦ᠋ᠷᠦᠭᠴᠢ ᠶᠢᠨ ᠲᠠᠪᠬᠤᠷ | ᠢᠰᠤᠯ ᠤᠨ ᠦᠤᠨᠬᠡᠴᠡ ᠶᠢᠨ ᠬᠡᠮᠵᠢᠶ᠎ᠡ ᠶᠢ ᠪᠠᠭᠠᠰᠬᠠᠬᠤ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠭᠤᠷᠪᠠ᠂ ᠡᠷᠬᠡ ᠶᠢᠨ ᠬᠡᠪᠴᠢᠶᠡᠨ ᠳᠠᠬᠢ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠤᠶᠢᠲᠦ ᠭᠠᠵᠠᠷ ᠢ ᠬᠠᠮᠠᠭᠠᠯᠠᠨ ᠠᠰᠢᠭᠯᠠᠬᠤ ᠲᠦᠯᠦᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ | ᠨᠡᠶᠢᠲᠡ ᠶᠢᠨ ᠠᠰᠠᠷᠠᠮᠵᠢ ᠶᠢᠨ ᠤᠢ ᠶᠢ ᠬᠤᠪᠢᠶᠠᠷᠢᠯᠠᠨ ᠲᠤᠭᠳᠠᠭᠠᠬᠤ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠴᠦ᠂ ᠤᠢ ᠰᠢᠭᠤᠢ ᠶᠢᠨ ᠡᠬᠢ ᠪᠠᠶᠠᠯᠢᠭ ᠢ | ᠬᠠᠮᠢᠶᠠᠷᠬᠤ ᠪᠠ ᠤᠢ ᠰᠢᠭᠤᠢ ᠶᠢᠨ ᠡᠬᠢ ᠪᠠᠶᠠᠯᠢᠭ ᠤᠨ ᠬᠦᠷᠦᠩᠬᠡ ᠶᠢᠨ ᠦᠷᠲᠡᠭ ᠢ ᠦᠨᠡᠯᠡᠬᠦ ᠠᠵᠢᠯ ᠢ ᠬᠠᠷᠢᠭᠤᠴᠠᠨ᠎ᠠ᠃ ᠡᠷᠬᠡ ᠶᠢᠨ ᠬᠡᠪᠴᠢᠶᠡᠨ ᠳᠤ ᠤᠢ | ᠰᠢᠭᠤᠢ ᠶᠢᠨ ᠤᠭᠳᠤᠯᠬᠤ ᠬᠢᠵᠠᠭᠠᠷᠯᠠᠯ ᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠮᠤᠳᠤᠨ ᠮᠠᠲ᠋ᠧᠷᠢᠶᠠᠯ ᠢ | ᠵᠦᠭᠡᠭᠡᠪᠦᠷᠢᠯᠡᠬᠦ ᠦᠨᠡᠮᠯᠡᠯ ᠢ ᠬᠠᠮᠢᠶᠠᠷᠬᠤ ᠪᠠ ᠲᠠᠷᠬᠠᠭᠠᠬᠤ ᠶᠢ ᠬᠠᠷᠢᠭᠤᠴᠠᠵᠦ᠂ ᠤᠢ ᠰᠢᠭᠤᠢ ᠶᠢᠨ ᠶᠠᠪᠤᠳᠠᠯ ᠤᠨ ᠭᠠᠯ ᠢ ᠰᠡᠷᠭᠡᠶᠢᠯᠡᠬᠦ ᠪᠠᠶᠢᠴᠠᠭᠠᠯᠳᠠ ᠶᠢᠨ | ᠦᠷᠳᠡᠭᠡ ᠶᠢᠨ ᠠᠵᠢᠯ ᠢ ᠵᠢᠯᠤᠭᠤᠳᠤᠨ᠎ᠠ᠃ ᠤᠢ ᠰᠢᠭᠤᠢ ᠶᠢᠨ ᠲᠠᠭᠠᠳᠬᠠᠯ᠂ ᠡᠬᠢ ᠪᠠᠶᠠᠯᠢᠭ ᠢ ᠪᠤᠶᠢᠵᠢᠭᠤᠯᠬᠤ ᠵᠡᠷᠭᠡ ᠠᠵᠢᠯ ᠢ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠠᠷᠢᠶᠠᠯᠠᠬᠤ ᠶᠢ ᠵᠤᠭᠰᠤᠭᠠᠨ ᠡᠪᠡᠰᠦ ᠮᠤᠳᠤ ᠶᠢ ᠰᠡᠷᠭᠦᠭᠡᠬᠦ ᠬᠠᠮᠢᠶᠠᠷᠤᠯᠲᠠ ᠶᠢ ᠬᠠᠷᠢᠭᠤᠴᠠᠬᠤ᠂ ᠨᠤᠲᠤᠭ ᠪᠡᠯᠴᠢᠭᠡᠷ ᠤᠨ ᠮᠠᠯᠵᠢᠬᠤ ᠶᠢ | ᠴᠠᠭᠠᠵᠠᠯᠠᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ᠂ ᠲᠠᠯ᠎ᠠ ᠨᠤᠲᠤᠭ ᠤᠨ | ᠨᠡᠭᠡᠭᠡᠨ ᠬᠦᠭᠵᠢᠬᠦᠯᠬᠦ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠦ᠂ ᠨᠤᠭᠤ | ᠭᠠᠵᠠᠷ ᠢ ᠨᠡᠭᠡᠭᠡᠨ ᠬᠦᠭᠵᠢᠭᠦᠯᠦᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ | ᠲᠦᠷᠪᠡ᠂ ᠡᠷᠬᠡ ᠶᠢᠨ ᠬᠡᠪᠴᠢᠶᠡᠨ ᠳᠠᠬᠢ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠡᠯᠡᠰᠦᠷᠬᠡᠭᠵᠢᠯ ᠢ ᠪᠠᠶᠢᠴᠠᠭᠠᠬᠤ ᠶᠢ | ᠵᠤᠬᠢᠶᠠᠨ ᠪᠠᠶᠢᠭᠤᠯᠤᠨ ᠦᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠡᠯᠡᠰᠦᠷᠬᠡᠭᠵᠢᠭᠰᠡᠨ ᠭᠠᠵᠠᠷ ᠢ ᠪᠢᠳᠡᠭᠦᠮᠵᠢᠯᠡᠨ ᠬᠠᠮᠠᠭᠠᠯᠠᠬᠤ | ᠤᠷᠤᠨ ᠢ ᠪᠦᠳᠦᠭᠡᠨ ᠪᠠᠶᠢᠭᠤᠯᠬᠤ ᠲᠦᠯᠦᠪᠵᠢᠭᠦᠯᠭᠡ ᠶᠢ ᠭᠡᠷᠡᠭᠵᠢᠭᠦᠯᠬᠦ ᠲᠦᠰᠦᠯ ᠢ ᠵᠤᠬᠢᠶᠠᠨ ᠪᠠᠶᠢᠭᠤᠯᠤᠨ ᠲᠤᠭᠤᠷᠪᠢᠵᠦ᠂ ᠡᠯᠡᠰᠦᠷᠬᠡᠭᠵᠢᠯ ᠪᠠ ᠡᠯᠡᠰᠦᠷᠬᠡᠭᠵᠢᠭᠰᠡᠨ | ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠴᠦ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠬᠡᠮᠵᠢᠬᠦ ᠮᠡᠳᠡᠭᠡᠯᠡᠬᠦ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ᠃ | ᠲᠠᠪᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠰᠤᠷᠪᠤᠯᠵᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠬᠡ | ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠰᠤᠷᠪᠤᠯᠵᠢ ᠶᠢ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠡᠬᠡ ᠬᠠᠭᠤᠷᠠᠢ ᠶᠢᠨ | ᠬᠡᠭᠡᠷ᠎ᠡ ᠶᠢᠨ ᠠᠮᠢᠳᠠᠨ ᠤᠷᠭᠤᠮᠠᠯ ᠢ ᠠᠪᠤᠷᠠᠨ ᠬᠠᠮᠠᠭᠠᠯᠠᠵᠦ ᠦᠷᠡᠵᠢᠭᠦᠯᠬᠦ᠂ ᠤᠷᠤᠰᠢᠨ ᠠᠮᠢᠳᠤᠷᠠᠬᠤ ᠭᠠᠵᠠᠷ ᠢ ᠰᠡᠷᠭᠦᠭᠡᠨ ᠬᠦᠭᠵᠢᠭᠦᠯᠬᠦ᠂ ᠬᠢᠵᠢᠭ ᠤᠨ ᠡᠬᠢ ᠬᠢᠵᠢᠭ | ᠡᠪᠡᠳᠴᠢᠨ ᠬᠢᠨᠠᠨ ᠬᠡᠮᠵᠢᠬᠦ ᠶᠢ ᠵᠢᠯᠤᠭᠤᠳᠴᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠢ ᠠᠪᠠᠯᠠᠬᠤ ᠪᠠ ᠲᠡᠬᠦᠵᠦ ᠴᠤᠭᠯᠠᠭᠤᠯᠬᠤ᠂ ᠲᠠᠰᠬᠠᠨ | ᠲᠡᠵᠢᠭᠡᠵᠦ ᠦᠷᠡᠵᠢᠭᠦᠯᠬᠦ ᠪᠤᠶᠤ ᠲᠠᠷᠢᠬᠤ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ | ᠵᠢᠷᠭᠤᠭ᠎ᠠ᠂ ᠡᠷᠬᠡ ᠶᠢᠨ ᠬᠡᠪᠴᠢᠶᠡᠨ ᠳᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠢ ᠬᠢᠨᠠᠨ ᠬᠠᠮᠢᠶᠠᠷᠤᠨ᠎ᠠ᠃ ᠡᠯ᠎ᠡ ᠲᠦᠷᠦᠯ ᠤᠨ | ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠲᠦᠯᠦᠪᠵᠢᠭᠦᠯᠭᠡ ᠶᠢ ᠲᠤᠭᠤᠷᠪᠢᠵᠦ᠂ ᠡᠯ᠎ᠡ ᠲᠦᠷᠦᠯ ᠤᠨ ᠤᠯᠤᠰ ᠤᠨ ᠲᠡᠰ᠂ ᠦᠪᠡᠷᠳᠡᠭᠡᠨ ᠵᠠᠰᠠᠬᠤ ᠤᠷᠤᠨ ᠤ | ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠪᠠᠶᠢᠭᠠᠯᠢ ᠶᠢᠨ ᠡᠬᠢ ᠰᠤᠷᠪᠤᠯᠵᠢ ᠶᠢᠨ ᠬᠦᠷᠦᠩᠬᠡ ᠶᠢᠨ ᠬᠠᠮᠢᠶᠠᠷᠤᠯᠳᠠ ᠶᠢ ᠬᠠᠷᠢᠭᠤᠴᠠᠵᠦ᠂ ᠠᠮᠢᠳᠠᠨ | ᠤᠷᠭᠤᠮᠠᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ | ᠲᠤᠯᠤᠭ᠎ᠠ᠂ ᠡᠷᠬᠡ ᠶᠢᠨ ᠬᠡᠪᠴᠢᠶᠡᠨ ᠳᠤ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠪᠠ ᠴᠢᠬᠢ ᠮᠤᠳᠤ ᠲᠠᠷᠢᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠪᠠ ᠬᠦᠭᠵᠢᠯᠲᠡ ᠶᠢ ᠵᠢᠯᠤᠭᠤᠳᠴᠦ᠂ ᠤᠢ ᠰᠢᠭᠤᠢ ᠶᠢᠨ | ᠦᠷ᠎ᠡ ᠮᠤᠳᠤ ᠪᠠ ᠡᠪᠡᠰᠦᠨ ᠤ ᠲᠦᠷᠦᠯ ᠤᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ᠂ ᠡᠪᠡᠰᠦ ᠮᠤᠲᠤᠨ ᠤ ᠦᠷ᠎ᠡ | ᠡᠳ᠋ ᠤᠨ ᠡᠬᠢ ᠪᠠᠶᠠᠯᠢᠭ ᠤᠨ ᠬᠦᠮᠦᠷᠭᠡ ᠶᠢ ᠵᠤᠬᠢᠶᠠᠨ ᠪᠠᠶᠢᠭᠤᠯᠵᠦ᠂ ᠰᠢᠯᠢᠳᠡᠭ ᠡᠭᠦᠯᠳᠡᠷ ᠢ ᠰᠤᠩᠭᠤᠨ ᠪᠤᠶᠢᠵᠢᠭᠤᠯᠬᠤ ᠶᠢ ᠲᠡᠯᠭᠡᠷᠡᠭᠦᠯᠬᠦ ᠶᠢ ᠬᠠᠷᠢᠭᠤᠴᠠᠵᠦ᠂ ᠤᠢ | ᠮᠤᠳᠤᠨ ᠤ ᠴᠢᠬᠢ ᠪᠤᠶᠢᠵᠢᠭᠤᠯᠬᠤ᠂ ᠡᠪᠡᠰᠦᠨ ᠤ ᠲᠦᠷᠦᠯ ᠤᠨ ᠶᠠᠰᠤ ᠴᠢᠨᠠᠷ ᠢ ᠬᠠᠮᠢᠶᠠᠷᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢᠳᠤ ᠪᠤᠳᠠᠰ ᠤᠨ | ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠦᠷᠦᠯ ᠢ ᠬᠠᠮᠠᠭᠠᠯᠠᠬᠤ ᠶᠢ ᠬᠢᠨᠠᠨ | ᠬᠠᠮᠢᠶᠠᠷᠤᠨ᠎ᠠ᠃ ᠤᠢ ᠰᠢᠭᠤᠢ ᠶᠢᠨ ᠠᠵᠦ ᠦᠢᠯᠡᠰᠵᠢᠯᠲᠡ ᠶᠢᠨ ᠲᠦᠷᠦᠯ ᠵᠦᠢᠯ ᠪᠠ ᠲᠤᠯᠤᠭᠠᠶᠢᠯᠠᠭᠴᠢ ᠠᠵᠦ ᠠᠬᠤᠶᠢᠯᠠᠯ ᠤᠨ ᠬᠢᠨᠠᠨ ᠰᠢᠯᠭᠠᠬᠤ ᠭᠤᠶᠤᠴᠢᠯᠠᠨ | ᠮᠡᠳᠡᠭᠦᠯᠬᠦ ᠠᠵᠢᠯ ᠢ ᠬᠠᠷᠢᠭᠤᠴᠠᠨ᠎ᠠ᠃ | ᠨᠠᠢᠮᠠ᠂ ᠤᠢ ᠰᠢᠭᠤᠢ ᠪᠠ ᠨᠤᠲᠤᠭ ᠪᠡᠯᠴᠢᠭᠡᠷ ᠤᠨ ᠠᠵᠦ ᠦᠢᠯᠡᠰ ᠢ ᠬᠠᠮᠢᠶᠠᠷᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠡᠷᠬᠡ ᠶᠢᠨ | ᠬᠡᠪᠴᠢᠶᠡᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠮᠤᠳᠤᠨ ᠮᠠᠲ᠋ᠧᠷᠢᠶᠠᠯ ᠢ ᠠᠰᠢᠭᠯᠠᠬᠤ | ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠤ᠂ ᠬᠤᠯᠪᠤᠭᠳᠠᠯ ᠪᠦᠬᠦᠢ ᠤᠢ ᠰᠢᠭᠤᠢ ᠨᠤᠲᠤᠭ ᠪᠡᠯᠴᠢᠭᠡᠷ ᠤᠨ ᠠᠵᠦ ᠦᠢᠯᠡᠰ ᠤᠨ ᠪᠠᠷᠢᠮᠵᠢᠶ᠎ᠠ ᠶᠢ | ᠲᠤᠭᠤᠷᠪᠢᠨ ᠲᠤᠭᠳᠠᠭᠠᠬᠤ ᠶᠢᠨ ᠬᠠᠮᠲᠦ ᠬᠢᠨᠠᠨ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠪᠦᠳᠦᠭᠡᠭᠳᠡᠭᠦᠨ ᠤ ᠶᠠᠰᠤ ᠴᠢᠨᠠᠷ ᠤᠨ ᠬᠢᠨᠠᠯᠳᠠ ᠶᠢ | ᠵᠤᠬᠢᠶᠠᠨ ᠪᠠᠶᠢᠭᠤᠯᠤᠨ ᠵᠢᠯᠤᠭᠤᠳᠴᠦ᠂ ᠠᠮᠢ ᠠᠬᠤᠢ ᠪᠠᠷ ᠶᠠᠳᠠᠭᠤ ᠶᠢ ᠲᠡᠳᠬᠦᠬᠦ ᠬᠤᠯᠪᠤᠭᠳᠠᠯ ᠪᠦᠬᠦᠢ ᠠᠵᠢᠯ ᠢ ᠵᠢᠯᠤᠭᠤᠳᠤᠨ᠎ᠠ᠃ | ᠶᠢᠰᠦ᠂ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠳᠤ ᠬᠠᠷᠢᠶᠠᠯᠠᠭᠳᠠᠬᠤ ᠤᠯᠤᠰ ᠤᠨ ᠦᠮᠴᠢᠯᠡᠯᠲᠦ ᠤᠢ ᠰᠢᠭᠤᠢ ᠶᠢᠨ | ᠲᠠᠯᠠᠪᠠᠢ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠢ | ᠰᠡᠷᠭᠡᠶᠢᠯᠡᠨ ᠵᠠᠰᠠᠬᠤ ᠲᠦᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠤᠭᠤᠳᠤᠨ | ᠬᠡᠷᠡᠭᠵᠢᠭᠦᠯᠵᠦ᠂ ᠭᠠᠯ ᠰᠡᠷᠭᠡᠶᠢᠯᠡᠨ ᠲᠤᠭᠤᠷᠢᠨ ᠬᠠᠮᠠᠭᠠᠯᠠᠬᠤ᠂ ᠭᠠᠯ ᠤᠨ ᠡᠬᠢ ᠶᠢ ᠬᠠᠮᠢᠶᠠᠷᠬᠤ᠂ ᠭᠠᠯ ᠰᠡᠷᠭᠡᠶᠢᠯᠡᠬᠦ ᠲᠤᠨᠤᠭ ᠲᠦᠬᠦᠭᠡᠷᠦᠮᠵᠢ᠂ ᠭᠠᠯ ᠢ ᠲᠦᠷᠭᠡᠨ | ᠤᠨᠳᠠᠷᠠᠭᠠᠬᠤ ᠪᠦᠳᠦᠭᠡᠨ ᠪᠢᠠᠭᠤᠯᠤᠯᠳᠠ ᠵᠡᠷᠭᠡ ᠶᠢ ᠵᠢᠯᠤᠭᠤᠳᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠦᠮᠦᠵᠢᠯ᠂ ᠬᠢᠨᠠᠨ | ᠬᠡᠮᠵᠢᠬᠦ ᠰᠡᠷᠡᠮᠵᠢᠯᠡᠭᠦᠯᠬᠦ᠂ ᠱᠠᠭᠠᠷᠳᠠᠨ ᠪᠠᠶᠢᠴᠠᠭᠠᠬᠤ ᠵᠡᠷᠭᠡ ᠠᠵᠢᠯ ᠢ ᠦᠷᠨᠢᠭᠦᠯᠬᠦ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢᠨ ᠵᠦᠪᠰᠢᠶᠡᠷᠡᠯ ᠢᠶᠠᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢᠨ | ᠨᠡᠷ᠎ᠡ ᠪᠠᠷ ᠬᠤᠯᠪᠤᠭᠳᠠᠯ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃ | ᠠᠷᠪᠠ᠂ ᠡᠷᠬᠡ ᠶᠢᠨ ᠬᠡᠪᠴᠢᠶᠡᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠵᠢᠯᠤᠭᠤᠳᠤᠨ᠎ᠠ᠃ | ᠠᠷᠪᠠᠨ ᠨᠢᠭᠡ᠂ ᠡᠷᠬᠡ ᠶᠢᠨ ᠬᠡᠪᠴᠢᠶᠡᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠦᠭᠡᠷᠡᠴᠢᠯᠡᠯᠲᠡ ᠶᠢᠨ ᠬᠤᠯᠪᠤᠭᠳᠠᠯ ᠪᠦᠬᠦᠢ ᠠᠵᠢᠯ ᠢ | ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠤᠢ ᠰᠢᠭᠤᠢ ᠶᠢᠨ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠢ ᠲᠤᠭᠤᠷᠪᠢᠨ ᠲᠤᠭᠳᠠᠭᠠᠵᠤ᠂ | ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠦᠭᠡᠷᠡᠴᠢᠯᠡᠯᠲᠡ ᠶᠢᠨ ᠰᠠᠨᠠᠯ ᠢ ᠲᠤᠭᠤᠷᠪᠢᠬᠤ ᠡᠭᠦᠨ ᠤ ᠬᠠᠮᠲᠤ ᠬᠢᠨᠠᠯᠳᠠ | ᠲᠠᠯᠪᠢᠨ ᠬᠡᠷᠡᠭᠵᠢᠭᠦᠯᠦᠨ᠎ᠡ᠃ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠬᠦᠭᠵᠢᠯᠲᠡ᠂ ᠤᠢ ᠰᠢᠭᠤᠢ ᠪᠠ ᠨᠤᠲᠤᠭ ᠪᠡᠯᠴᠢᠭᠡᠷ ᠤᠨ ᠡᠵᠡᠩᠨᠡᠭᠴᠢ ᠶᠢᠨ | ᠬᠠᠤᠯᠢ ᠶᠤᠰᠤᠨ ᠤ ᠡᠷᠬᠡ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠭᠤᠷᠪᠢᠨ ᠲᠤᠭᠳᠠᠭᠠᠵᠤ᠂ ᠤᠶᠢᠲᠦ ᠭᠠᠵᠠᠷ ᠪᠠ ᠨᠤᠲᠤᠭ ᠪᠡᠯᠴᠢᠭᠡᠷ ᠢ | ᠲᠠᠭᠠᠭᠠᠴᠢᠯᠠᠨ ᠡᠵᠡᠩᠨᠡᠬᠦ ᠠᠵᠢᠯ ᠢ ᠵᠢᠯᠤᠭᠤᠳᠤᠨ ᠬᠢᠨᠠᠯᠲᠠ ᠲᠠᠯᠪᠢᠨ᠎ᠠ᠃ ᠲᠠᠷᠢᠶᠠᠯᠠᠬᠤ ᠶᠢ ᠵᠤᠭᠰᠤᠭᠠᠨ ᠮᠠᠯᠵᠢᠬᠤ ᠶᠢ ᠵᠤᠭᠰᠤᠭᠠᠬᠤ ᠤᠢ ᠮᠤᠳᠤ ᠶᠢ ᠰᠡᠷᠭᠦᠭᠡᠬᠦ ᠪᠠ | ᠪᠠᠶᠢᠭᠠᠯᠢ ᠶᠢᠨ ᠤᠢ ᠶᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ | ᠠᠷᠪᠠᠨ ᠬᠤᠶᠠᠷ᠂ ᠡᠷᠬᠡ ᠶᠢᠨ ᠬᠡᠪᠴᠢᠶᠡᠨ ᠳᠠᠬᠢ ᠡᠳ᠋ ᠤᠨ ᠶᠠᠪᠤᠳᠠᠯ ᠤᠨ ᠠᠵᠢᠯ ᠢ ᠲᠦᠯᠦᠪᠯᠡᠬᠦ ᠶᠢ ᠬᠠᠷᠢᠭᠤᠴᠠᠨ᠎ᠠ᠃ ᠰᠠᠯᠠᠭ᠎ᠠ ᠮᠦᠴᠢᠷ ᠤᠨ ᠲᠦᠰᠦᠪ ᠢ | ᠲᠤᠷᠠᠳᠤᠨ ᠡᠭᠦᠨ ᠤ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠦᠩᠬᠦ ᠶᠢᠨ ᠬᠠᠮᠢᠶᠠᠷᠤᠯᠲᠠ ᠪᠠ | ᠬᠡᠷᠡᠭᠯᠡᠯᠲᠡ ᠶᠢ ᠬᠢᠨᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ ᠦᠮᠴᠢᠯᠡᠯᠲᠦ ᠬᠦᠷᠦᠩᠬᠡ ᠶᠢ ᠬᠢᠨᠠᠨ ᠬᠠᠮᠢᠶᠠᠷᠴᠦ᠂ ᠭᠤᠤᠯᠳᠠᠯᠭ᠎ᠠ ᠲᠠᠢ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠤᠭᠳᠠᠭᠠᠯ ᠶᠤᠰᠤᠭᠠᠷ ᠵᠤᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠤᠢ ᠰᠢᠭᠤᠢ ᠪᠠ | ᠨᠤᠲᠤᠭ ᠪᠡᠯᠴᠢᠭᠡᠷ ᠤᠨ ᠠᠵᠦ ᠠᠬᠤᠢ ᠶᠢ ᠲᠤᠬᠢᠷᠠᠭᠤᠯᠬᠤ ᠪᠠ ᠪᠡᠯᠡ ᠤᠷᠤᠭᠤᠯᠤᠯᠳᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠳᠤ ᠤᠷᠤᠯᠴᠠᠨ᠂ | ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠤᠨ ᠤ ᠭᠠᠷᠤᠯᠳᠠ ᠶᠢᠨ ᠲᠦᠯᠦᠪᠯᠡᠭᠡ ᠶᠢ ᠨᠠᠶᠢᠷᠠᠭᠤᠯᠤᠨ᠎ᠠ᠃ | ᠠᠷᠪᠠᠨ ᠭᠤᠷᠪᠠ᠂ ᠤᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠭᠡ ᠮᠡᠷᠭᠡᠵᠢᠯ᠂ ᠤᠬᠠᠭᠤᠯᠭ᠎ᠠ ᠬᠦᠮᠦᠵᠢᠯ ᠪᠠ ᠭᠠᠳᠠᠭᠠᠳᠤ ᠬᠠᠷᠢᠯᠴᠠᠭ᠎ᠠ ᠪᠤᠯᠤᠨ | ᠬᠤᠷᠰᠢᠯᠴᠠᠭᠠᠨ ᠤ ᠠᠵᠢᠯ ᠢ ᠵᠢᠯᠤᠭᠤᠳᠤᠨ ᠡᠭᠦᠨ ᠤ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ | ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠤᠨ᠎ᠠ᠃ ᠨᠤᠭᠤ ᠭᠠᠵᠠᠷ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠤᠰᠠᠳᠬᠤ ᠰᠢᠬᠠᠭᠰᠠᠨ | ᠬᠡᠭᠡᠷ᠎ᠡ ᠶᠢᠨ ᠠᠮᠢᠳᠠᠨ ᠤᠷᠭᠤᠮᠠᠯ ᠵᠡᠷᠭᠡ ᠲᠡᠯᠡᠭᠡᠢ ᠶᠢᠨ ᠨᠡᠶᠢᠲᠡ ᠶᠢᠨ ᠭᠡᠷ᠎ᠡ ᠶᠢ ᠭᠦᠢᠴᠡᠳᠭᠡᠬᠦ ᠠᠵᠢᠯ ᠢ ᠡᠭᠦᠷᠭᠡᠯᠡᠨ᠎ᠡ᠃ | ᠠᠷᠪᠠᠨ ᠲᠦᠷᠪᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠲᠠᠪᠤ᠂ ᠡᠭᠦᠷᠬᠡ ᠴᠢᠳᠠᠪᠬᠢ ᠶᠢᠨ ᠬᠤᠪᠢᠷᠠᠯᠳ᠋ᠨ᠃ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ ᠦᠨᠡᠨᠬᠦ ᠨᠡᠮᠡᠭᠳᠡᠭᠦᠯᠦᠨ᠂ ᠭᠤᠤᠯᠳᠠᠯᠭ᠎ᠠ ᠲᠠᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠨ ᠬᠠᠮᠢᠶᠠᠷᠤᠯᠲᠠ ᠶᠢ ᠨᠢᠭᠡᠳᠦᠯᠳᠠᠢ ᠲᠦᠯᠦᠪᠯᠡᠨ | ᠵᠤᠬᠢᠴᠠᠭᠤᠯᠬᠤ ᠪᠠᠨ ᠴᠢᠩᠭᠠᠳᠬᠠᠵᠦ᠂ ᠤᠯᠣᠰ ᠤᠨ ᠨᠤᠲᠤᠭ ᠲᠡᠪᠢᠰᠭᠡᠷ ᠤᠨ ᠨᠤᠭᠤᠭᠠᠷᠠᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠦ᠂ ᠠᠮᠢ ᠠᠬᠤᠢ ᠶᠢᠨ ᠠᠮᠤᠷ | ᠲᠦᠪᠰᠢᠨ ᠢ ᠬᠠᠮᠠᠭᠠᠯᠠᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠲᠤᠭᠳᠠᠯᠴᠠᠭ᠎ᠠ ᠶᠢ ᠲᠦᠷᠭᠡᠳᠭᠡᠨ ᠪᠠᠶᠢᠭᠤᠯᠵᠦ᠂ ᠡᠯ᠎ᠡ ᠲᠦᠷᠦᠯ ᠤᠨ ᠪᠠᠶᠢᠭᠠᠯᠢ ᠶᠢᠨ | ᠬᠠᠮᠠᠭᠠᠯᠠᠯᠳᠠ ᠶᠢᠨ ᠭᠠᠵᠠᠷ ᠢ ᠴᠡᠪᠡᠷᠯᠡᠨ ᠲᠦᠷᠢᠮᠵᠢᠭᠦᠯᠬᠦ ᠪᠠ ᠨᠢᠭᠡᠳᠦᠭᠦᠯᠬᠦ ᠶᠢ ᠨᠢᠭᠡᠳᠦᠯᠳᠠᠢ ᠲᠦᠯᠬᠢᠨ ᠠᠬᠢᠭᠤᠯᠤᠨ᠎ᠠ᠃ |