︵ᠨᠢᠭᠡ︶ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠴᠢᠬᠤᠯᠠ ᠮᠠᠲ᠋ᠧᠷᠢᠶᠠᠯ ᠢ ᠨᠤᠤᠷᠠᠭᠯᠠᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ | ᠤᠳᠤᠷᠢᠳᠬᠤ ᠨᠦᠬᠦᠳ ᠢ ᠬᠠᠪᠰᠤᠷᠤᠨ ᠬᠤᠰᠢᠭᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠪᠠ ᠬᠤᠰᠢᠭᠤ ᠵᠠᠰᠠᠭ ᠤᠨ | ᠤᠷᠳᠤᠨ ᠤ ᠨᠠᠮ ᠤᠨ ᠲᠤᠭᠤᠶᠢᠯᠠᠩ᠂ ᠬᠤᠰᠢᠭᠤ ᠵᠠᠰᠠᠭ ᠤᠨ ᠤᠷᠳᠤᠨ ᠤ ᠪᠠᠶᠢᠭᠤᠯᠤᠯᠭ᠎ᠠ ᠶᠢᠨ ᠨᠠᠮ ᠤᠨ ᠲᠤᠭᠤᠶᠢᠯᠠᠩ ᠤᠨ ᠨᠡᠷ᠎ᠡ ᠪᠠᠷ ᠨᠡᠶᠢᠳᠡᠯᠡᠭᠰᠡᠨ ᠠᠯᠪᠠᠨ | ᠪᠢᠴᠢᠭ ᠢ ᠵᠤᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠬᠤᠰᠢᠭᠤ ᠵᠠᠰᠠᠭ ᠤᠨ | ᠤᠷᠳᠤᠨ ᠤ ᠤᠳᠤᠷᠢᠳᠬᠤ ᠨᠦᠬᠦᠳ ᠤᠨ ᠶᠠᠷᠢᠶᠠᠨ ᠤ ᠨᠤᠤᠷᠠᠭ ᠢ ᠵᠤᠬᠢᠶᠠᠨ ᠪᠠᠶᠢᠭᠤᠯᠤᠨ ᠲᠤᠭᠤᠷᠪᠢᠨ᠎ᠠ᠃ | ︵ᠬᠤᠶᠠᠷ︶ ᠵᠢᠭᠠᠪᠤᠷᠢ ᠠᠪᠬᠤ ᠵᠦᠢᠯᠡᠰ ᠤᠨ ᠲᠤᠭᠤᠷᠪᠢᠨ ᠭᠦᠢᠴᠡᠳᠭᠡᠬᠦ ᠰᠠᠨᠠᠯ ᠢ ᠰᠤᠳᠤᠯᠤᠨ᠎ᠠ᠃ ᠡᠯ᠎ᠡ ᠰᠤᠮᠤ ᠪᠠᠯᠭᠠᠰᠤ ᠶᠢᠨ ᠵᠠᠰᠠᠭ ᠤᠨ ᠤᠷᠳᠤᠨ ᠪᠠ | ᠬᠤᠰᠢᠭᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠬᠤᠰᠢᠭᠤ ᠵᠠᠰᠠᠭ ᠤᠨ ᠤᠷᠳᠤᠨ ᠠᠴᠠ ᠵᠢᠭᠠᠪᠤᠷᠢ ᠠᠪᠬᠤ ᠵᠦᠢᠯᠡᠰ ᠢ ᠰᠤᠳᠤᠯᠤᠨ᠂ ᠭᠦᠢᠴᠡᠳᠭᠡᠬᠦ | ᠰᠠᠨᠠᠯ ᠲᠤᠷᠠᠳᠴᠦ᠂ ᠬᠤᠰᠢᠭᠤ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠦᠪᠰᠢᠶᠡᠷᠡᠭᠦᠯᠦᠨ᠎ᠡ᠃ | ︵ᠭᠤᠷᠪᠠ︶ ᠴᠢᠬᠤᠯᠠ ᠶᠡᠭᠡ ᠠᠰᠠᠭᠤᠳᠠᠯ ᠢ ᠶᠡᠷᠦᠩᠬᠡᠶᠢᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ | ᠨᠦᠬᠦᠳ ᠤᠨ ᠵᠢᠭᠠᠪᠤᠷᠢ ᠶᠢ ᠦᠨᠳᠦᠰᠦᠯᠡᠨ᠂ ᠬᠤᠰᠢᠭᠤ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠨᠢᠭᠡᠴᠡ ᠶᠢᠨ ᠬᠤᠭᠤᠷᠤᠨᠳᠤᠬᠢ ᠮᠠᠷᠭᠤᠭᠠᠨ ᠲᠠᠢ ᠴᠢᠬᠤᠯᠠ | ᠠᠰᠠᠭᠤᠳᠠᠯ ᠢ ᠵᠤᠬᠢᠴᠠᠭᠤᠯᠤᠨ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠮᠡᠳᠡᠭᠦᠯᠦᠨ ᠰᠢᠢᠳᠪᠦᠷᠢ ᠭᠠᠷᠭᠠᠨ᠎ᠠ᠃ | ︵ᠲᠦᠷᠪᠡ︶ ᠡᠯᠧᠺᠲᠷᠤᠨ ᠮᠠᠲ᠋ᠧᠷᠢᠶᠠᠯ ᠪᠠ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠪᠠ | ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠡᠯᠧᠺᠲᠷᠤᠨ ᠮᠠᠲ᠋ᠧᠷᠢᠶᠠᠯ ᠢ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠪᠠ | ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠲᠤᠭᠳᠠᠭᠠᠭᠰᠠᠨ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠠᠤᠯᠢ ᠶᠤᠰᠤᠭᠠᠷ ᠬᠢᠨᠠᠨ ᠪᠠᠶᠢᠴᠠᠭᠠᠬᠤ ᠶᠢ | ᠬᠠᠷᠢᠭᠤᠴᠠᠨ᠎ᠠ᠃ | ︵ᠲᠠᠪᠤ︶ ᠬᠤᠷᠠᠯ ᠤᠨ ᠶᠠᠪᠤᠳᠠᠯ ᠪᠠ ᠬᠤᠷᠠᠯ ᠤᠨ ᠬᠢᠨᠠᠨ ᠵᠦᠪᠰᠢᠶᠡᠷᠡᠭᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ᠂ | ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠬᠤᠷᠠᠯ ᠵᠢᠴᠢ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠬᠤᠷᠠᠯ ᠤᠨ ᠠᠵᠢᠯ ᠢ | ᠬᠠᠷᠢᠭᠤᠴᠠᠨ᠎ᠠ᠃ ᠬᠤᠷᠠᠯ ᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ | ᠬᠠᠮᠵᠢᠯᠴᠠᠨ ᠬᠤᠷᠠᠯ ᠠᠴᠠ ᠲᠤᠭᠳᠠᠭᠠᠭᠰᠠᠨ ᠰᠢᠢᠳᠪᠦᠷᠢ ᠶᠢᠨ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠬᠤᠰᠢᠭᠤ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠰᠤᠨᠢᠨ | ᠮᠡᠳᠡᠭᠡ ᠨᠡᠶᠢᠳᠡᠯᠡᠬᠦ ᠲᠦᠯᠦᠪᠯᠡᠭᠡ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ | ᠨᠡᠷ᠎ᠡ ᠪᠠᠷ ᠡᠷᠬᠢᠯᠡᠭᠰᠡᠨ ᠰᠤᠨᠢᠨ ᠮᠡᠳᠡᠭᠡ ᠨᠡᠶᠢᠳᠡᠯᠡᠬᠦ ᠬᠦᠳᠡᠯᠭᠡᠭᠡᠨ ᠢ ᠲᠠᠭᠠᠭᠠᠴᠢᠯᠠᠨ ᠡᠷᠬᠢᠯᠡᠨ᠎ᠡ᠃ | ︵ᠲᠤᠯᠤᠭ᠎ᠠ︶ ᠭᠤᠤᠯᠳᠠᠯᠭ᠎ᠠ ᠲᠠᠢ ᠠᠵᠢᠯ ᠤᠨ ᠱᠠᠭᠠᠷᠳᠠᠨ ᠪᠠᠶᠢᠴᠠᠭᠠᠯᠳᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠤᠨ ᠤᠷᠳᠤᠨ ᠤ | ᠰᠢᠰᠲ᠋ᠧᠮ ᠤᠨ ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠬᠤᠰᠢᠭᠤᠨ ᠤ | ᠵᠠᠰᠠᠭ ᠤᠨ ᠤᠷᠳᠤᠨ ᠤ ᠲᠤᠭᠳᠠᠭᠠᠭᠰᠠᠨ ᠵᠦᠢᠯᠡᠰ ᠵᠢᠴᠢ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠴᠤᠬᠤᠯᠠᠪᠤᠷᠢ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠴᠠᠭ ᠲᠠᠷᠤᠢ ᠳᠤᠨᠢ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ | ᠮᠡᠳᠡᠭᠦᠯᠦᠨ᠎ᠡ᠃ ᠬᠤᠰᠢᠭᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠲᠠᠢ ᠬᠤᠯᠪᠤᠭᠳᠠᠭᠰᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠰᠠᠨᠠᠯ᠂ ᠤᠯᠤᠰ ᠲᠦᠷᠦ ᠶᠢᠨ ᠵᠦᠪᠯᠡᠯᠭᠡᠨ ᠤ ᠲᠤᠷᠠᠳᠤᠯᠭ᠎ᠠ ᠶᠢ ᠲᠤᠰᠢᠶᠠᠨ ᠭᠦᠢᠴᠡᠳᠭᠡᠬᠦ᠂ ᠱᠠᠭᠠᠷᠳᠠᠨ ᠭᠦᠢᠴᠡᠳᠭᠡᠬᠦ᠂ ᠬᠠᠷᠢᠭᠤ | ᠲᠤᠰᠬᠠᠬᠤ ᠵᠡᠷᠭᠡ ᠠᠵᠢᠯ ᠢ ᠡᠭᠦᠷᠭᠡᠯᠡᠨ᠎ᠡ᠃ | ︵ᠨᠠᠢᠮᠠ︶ ᠵᠠᠰᠠᠭ ᠤᠨ ᠶᠠᠪᠤᠳᠠᠯ ᠤᠨ ᠰᠤᠷᠠᠭ ᠵᠠᠩᠬᠢ ᠪᠠ ᠪᠠᠶᠢᠴᠠᠭᠠᠨ ᠰᠤᠳᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ | ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠦ᠂ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ | ᠰᠢᠢᠳᠪᠦᠷᠢᠲᠦ ᠪᠤᠳᠤᠯᠭ᠎ᠠ ᠳᠤ ᠦᠢᠯᠡᠴᠢᠯᠡᠭᠡ ᠬᠠᠩᠭᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠪᠠᠶᠢᠴᠠᠭᠠᠨ ᠰᠤᠳᠤᠯᠬᠤ ᠠᠵᠢᠯ ᠢ | ᠵᠤᠬᠢᠶᠠᠨ ᠪᠠᠶᠢᠭᠤᠯᠤᠨ ᠲᠤᠬᠢᠷᠠᠭᠤᠯᠬᠤ ᠶᠢ ᠬᠠᠷᠢᠭᠤᠴᠠᠨ᠎ᠠ᠃ | ︵ᠶᠢᠰᠦ︶ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ ᠶᠢ ᠲᠦᠯᠦᠪᠵᠢᠭᠦᠯᠦᠨ ᠬᠠᠮᠢᠶᠠᠷᠴᠦ᠂ ᠬᠠᠭᠤᠴᠢᠨ ᠪᠠᠷᠭᠤ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠪᠠᠶᠢᠭᠤᠯᠤᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠦ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ | ᠮᠦᠴᠢᠷ ᠢ ᠵᠤᠬᠢᠴᠠᠭᠤᠯᠤᠨ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠭᠤᠯᠭ᠎ᠠ ᠶᠢᠨ ᠪᠠᠶᠢᠭᠤᠯᠤᠯᠳᠠ ᠳᠤ | ᠤᠷᠤᠯᠴᠠᠭᠤᠯᠤᠨ᠎ᠠ᠃ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ ᠤ ᠠᠯᠪᠠᠯᠠᠬᠤ ᠰᠦᠯᠵᠢᠶ᠎ᠡ ᠶᠢ ᠪᠠᠶᠢᠭᠤᠯᠤᠨ ᠬᠠᠮᠢᠶᠠᠷᠬᠤ ᠪᠠ ᠬᠦᠯᠦᠨ ᠪᠤᠶᠢᠷ | ᠬᠤᠲᠠ ᠶᠢᠨ ᠵᠠᠰᠠᠭ ᠤᠨ ᠤᠷᠳᠤᠨ ᠤ ᠠᠯᠪᠠᠯᠠᠬᠤ ᠰᠦᠯᠵᠢᠶ᠎ᠡ ᠲᠠᠢ ᠨᠡᠪᠳᠡᠷᠡᠯᠴᠡᠬᠦ ᠶᠢ ᠬᠠᠷᠢᠭᠤᠴᠠᠨ᠎ᠠ᠃ | ︵ᠠᠷᠪᠠ︶ ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠪᠢᠴᠢᠭ ᠮᠠᠲ᠋ᠧᠷᠢᠶᠠᠯ ᠢ ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠤᠨ | ᠤᠷᠳᠤᠨ ᠤ ᠰᠢᠰᠲ᠋ᠧᠮ ᠤᠨ ᠮᠤᠩᠭᠤᠯ ᠢᠶᠠᠷ ᠤᠷᠴᠢᠭᠤᠯᠬᠤ ᠠᠵᠢᠯ ᠢ ᠵᠢᠯᠤᠭᠤᠳᠤᠨ᠎ᠠ᠃ | ︵ᠠᠷᠪᠠᠨ ᠨᠢᠭᠡ︶ ᠠᠵᠦ ᠠᠬᠤᠢ ᠶᠢᠨ ᠠᠮᠢ ᠠᠬᠤᠢ ᠶᠢᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠰᠤᠳᠤᠯᠭᠠᠨ ᠢ ᠬᠠᠷᠢᠭᠤᠴᠠᠨ᠎ᠠ᠃ ᠠᠵᠦ | ᠠᠬᠤᠢ ᠶᠢᠨ ᠠᠮᠢ ᠠᠬᠤᠢ ᠶᠢᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠴᠢᠬᠤᠯᠡ ᠶᠡᠭᠡ ᠠᠰᠠᠭᠤᠳᠠᠯ ᠤᠨ ᠲᠦᠷᠦ ᠶᠢᠨ ᠪᠤᠳᠤᠯᠭ᠎ᠠ ᠶᠢᠨ ᠰᠤᠳᠤᠯᠤᠯᠲᠠ ᠶᠢ | ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠨᠤᠤᠷᠠᠭᠯᠠᠨ᠎ᠠ᠃ ᠪᠦᠬᠦ ᠬᠤᠰᠢᠭᠤᠨ ᠤ ᠠᠵᠦ ᠠᠬᠤᠢ ᠶᠢᠨ ᠠᠮᠢ ᠠᠬᠤᠢ ᠶᠢᠨ | ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠳᠠ᠂ ᠦᠨᠡᠯᠡᠯᠲᠡ ᠪᠠ ᠱᠠᠭᠠᠷᠳᠠᠨ ᠪᠠᠶᠢᠴᠠᠭᠠᠯᠳᠠ ᠬᠢᠨ᠎ᠡ᠃ | ︵ᠠᠷᠪᠠᠨ ᠬᠤᠶᠠᠷ︶ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠮᠦᠩᠭᠦᠨ ᠭᠦᠢᠯᠭᠡᠭᠡᠨ ᠤ ᠠᠵᠢᠯ ᠤᠨ ᠲᠤᠬᠠᠢ ᠬᠠᠤᠯᠢ | ᠴᠠᠭᠠᠵᠠ ᠬᠠᠤᠯᠢ ᠲᠤᠭᠳᠠᠭᠠᠯ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠮᠦᠩᠭᠦᠨ | ᠭᠦᠢᠯᠭᠡᠭᠡᠨ ᠤ ᠪᠠᠶᠢᠳᠠᠯ ᠪᠠ ᠮᠦᠩᠭᠦᠨ ᠭᠦᠢᠯᠭᠡᠭᠡᠨ ᠤ ᠡᠷᠬᠢᠯᠲᠡ ᠶᠢᠨ ᠪᠠᠶᠢᠳᠠᠯ ᠢ ᠰᠤᠳᠤᠯᠤᠨ ᠵᠠᠳᠠᠯᠵᠦ᠂ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ | ᠦᠢᠯᠡᠰ ᠤᠨ ᠬᠦᠭᠵᠢᠯᠲᠡ ᠶᠢᠨ ᠶᠡᠷᠦᠩᠬᠡᠢ ᠲᠦᠯᠦᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠰᠢᠰᠲ᠋ᠧᠮ ᠢ ᠨᠢᠭᠡᠳᠦᠯᠳᠠᠢ ᠲᠦᠯᠦᠪᠯᠡᠨ ᠪᠦᠷᠢᠨᠰᠢᠭᠦᠯᠦᠨ᠎ᠡ᠃ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠳᠤᠷᠠᠨ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠳᠤ ᠵᠤᠬᠢᠴᠠᠭᠤᠯᠤᠨ ᠦᠢᠯᠡᠴᠢᠯᠡᠵᠦ᠂ ᠤᠷᠤᠨ | ᠨᠤᠲᠤᠭ ᠤᠨ ᠮᠦᠩᠭᠦᠨ ᠭᠦᠢᠯᠭᠡᠭᠡᠨ ᠤ ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠦᠭᠵᠢᠭᠦᠯᠬᠦ ᠶᠢ ᠲᠦᠯᠬᠢᠨ ᠠᠬᠢᠭᠤᠯᠵᠦ᠂ | ᠮᠦᠩᠭᠦᠨ ᠭᠦᠢᠯᠭᠡᠭᠡᠨ ᠤ ᠪᠤᠳᠠᠳᠤ ᠠᠵᠦ ᠠᠬᠤᠢ ᠳᠤ ᠦᠢᠯᠡᠴᠢᠯᠡᠬᠦ ᠴᠢᠳᠠᠪᠬᠢ ᠶᠢ ᠴᠢᠩᠭᠠᠳᠬᠠᠨ᠎ᠠ᠃ ᠮᠦᠩᠭᠦᠨ ᠭᠦᠢᠯᠭᠡᠭᠡᠨ ᠤ ᠠᠷᠠᠯᠵᠢᠶ᠎ᠡ ᠡᠵᠡᠩᠨᠡᠬᠦ ᠤᠷᠴᠢᠨ | ᠲᠤᠭᠤᠷᠢᠨ ᠢ ᠰᠢᠯᠢᠳᠡᠭᠵᠢᠭᠦᠯᠦᠨ᠎ᠡ᠃ | ︵ᠠᠷᠪᠠᠨ ᠲᠦᠷᠪᠡ︶ ᠪᠦᠬᠦ ᠬᠤᠰᠢᠭᠤᠨ ᠤ ᠮᠦᠩᠭᠦᠨ ᠭᠦᠢᠯᠭᠡᠭᠡᠨ ᠢ ᠲᠦᠭᠡᠮᠡᠯᠵᠢᠭᠦᠯᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ | ᠃ 《 ᠮᠠᠯᠵᠢᠬᠤ ᠲᠠᠷᠢᠶᠠᠯᠠᠬᠤ ᠤᠷᠤᠨ᠂ ᠮᠠᠯ ᠲᠠᠷᠢᠶᠠᠯᠠᠩ᠂ ᠮᠠᠯᠴᠢᠨ ᠲᠠᠷᠢᠶᠠᠴᠢᠨ》《 ᠪᠠᠭ᠎ᠠ ᠵᠢᠵᠢᠭ ᠠᠵᠦ ᠠᠬᠤᠶᠢᠯᠠᠯ》 ᠤᠨ ᠮᠦᠩᠭᠦᠨ ᠭᠦᠢᠯᠭᠡᠭᠡᠨ ᠤ | ᠦᠢᠯᠡᠴᠢᠯᠡᠭᠡᠨ ᠤ ᠲᠤᠭᠳᠠᠯᠴᠠᠭ᠎ᠠ ᠶᠢ ᠪᠤᠶᠢᠵᠢᠭᠤᠯᠤᠨ ᠬᠦᠭᠵᠢᠭᠦᠯᠦᠨ᠎ᠡ᠃ | ︵ᠠᠷᠪᠠᠨ ᠲᠠᠪᠤ︶ ᠤᠯᠠᠨ ᠲᠠᠪᠬᠤᠷᠭ᠎ᠠ ᠶᠢᠨ ᠬᠦᠷᠦᠩᠬᠡ ᠶᠢᠨ ᠵᠠᠬ᠎ᠠ ᠲᠡᠯᠭᠡᠭᠦᠷ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ | ᠠᠵᠦ ᠠᠬᠤᠶᠢᠯᠠᠯ ᠤᠨ ᠪᠡᠯᠡ ᠴᠤᠭᠯᠠᠭᠤᠯᠬᠤ ᠠᠵᠢᠯ ᠢ ᠵᠢᠯᠤᠭᠤᠳᠴᠦ᠂ ᠠᠵᠦ ᠠᠬᠤᠶᠢᠯᠠᠯ ᠤᠨ ᠵᠠᠬ᠎ᠠ ᠲᠡᠯᠭᠡᠭᠦᠷ ᠲᠤ ᠭᠠᠷᠬᠤ ᠫᠠᠶᠢᠰᠠ ᠡᠯᠭᠦᠬᠦ᠂ ᠠᠯᠪᠠᠨ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠴᠤᠭᠯᠠᠭᠤᠯᠬᠤ ᠪᠠ ᠬᠤᠳᠠᠯᠳᠤᠨ ᠠᠪᠴᠦ ᠲᠠᠬᠢᠨ ᠪᠠᠶᠢᠭᠤᠯᠬᠤ᠂ ᠲᠠᠬᠢᠨ ᠪᠡᠯᠡ ᠴᠤᠭᠯᠠᠭᠤᠯᠬᠤ ᠠᠵᠢᠯ ᠢ ᠵᠤᠬᠢᠴᠠᠭᠤᠯᠤᠨ᠎ᠠ᠃ | ᠦᠢᠯᠡᠰ ᠪᠤᠰᠬᠠᠬᠤ ᠪᠡᠯᠡ ᠤᠷᠤᠭᠤᠯᠬᠤ ᠰᠠᠭᠤᠷᠢ ᠮᠦᠩᠬᠦ᠂ ᠰᠲ᠋ᠤᠺ ᠤᠨ ᠡᠷᠬᠡ ᠶᠢᠨ ᠪᠡᠯᠡ ᠤᠷᠤᠭᠤᠯᠤᠭᠰᠠᠨ ᠰᠠᠭᠤᠷᠢ ᠮᠦᠩᠬᠦ ᠶᠢ ᠲᠦᠷᠢᠮᠵᠢᠭᠦᠯᠦᠨ | ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠠᠷᠪᠠᠨ ᠵᠢᠷᠭᠤᠭ᠎ᠠ︶ ᠨᠠᠶᠢᠳᠠᠯᠭ᠎ᠠ ᠪᠠᠷ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ᠂ ᠪᠡᠯᠡ ᠴᠤᠭᠯᠠᠭᠤᠯᠬᠤ ᠪᠠᠳᠤᠯᠠᠭ᠎ᠠ ᠶᠢᠨ ᠺᠤᠮᠫᠠᠨᠢ᠂ ᠤᠷᠤᠨ | ᠪᠦᠰᠡ ᠶᠢᠨ ᠴᠢᠨᠠᠷᠳᠠᠢ ᠰᠲ᠋ᠤᠺ ᠤᠨ ᠡᠷᠬᠡ ᠶᠢᠨ ᠵᠠᠬ᠎ᠠ ᠲᠡᠯᠭᠡᠭᠦᠷ᠂ ᠲᠠᠨᠵᠢᠯᠠᠬᠤ ᠭᠠᠵᠠᠷ᠂ ᠪᠡᠯᠡ ᠴᠤᠭᠯᠠᠭᠤᠯᠬᠤ ᠲᠦᠷᠢᠶᠡᠰᠦᠯᠡᠬᠦ ᠺᠤᠮᠫᠠᠨᠢ᠂ ᠬᠤᠳᠠᠯᠳᠤᠭᠠᠨ ᠤ | ᠶᠠᠪᠤᠳᠠᠯ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠺᠤᠮᠫᠠᠨᠢ᠂ ᠤᠷᠤᠨ ᠨᠤᠲᠤᠭ ᠤᠨ ᠮᠦᠡᠭᠭᠦᠨ ᠭᠦᠢᠯᠭᠡᠭᠡᠨ ᠤ ᠬᠦᠷᠦᠩᠬᠡ ᠶᠢᠨ ᠬᠠᠮᠢᠶᠠᠷᠤᠯᠲᠠ ᠶᠢᠨ ᠺᠤᠮᠫᠠᠨᠢ ᠶᠢ | ᠬᠢᠨᠠᠨ ᠬᠠᠮᠢᠶᠠᠷᠤᠨ᠎ᠠ᠃ | ︵ᠠᠷᠪᠠᠨ ᠲᠤᠯᠤᠭ᠎ᠠ︶ ᠨᠠᠶᠢᠳᠠᠯᠭ᠎ᠠ ᠪᠠᠷ ᠡᠷᠬᠡ ᠠᠰᠢᠭ ᠤᠨ ᠲᠦᠷᠦᠯ ᠤᠨ᠂ ᠭᠡᠷ᠎ᠡ ᠶᠢᠨ ᠲᠦᠷᠦᠯ ᠤᠨ ᠠᠷᠠᠯᠵᠢᠶᠠᠨ ᠤ ᠲᠠᠯᠠᠪᠤᠷ ᠢ ᠬᠢᠨᠠᠨ ᠬᠠᠮᠢᠶᠠᠷᠤᠨ᠎ᠠ᠃ | ᠨᠠᠶᠢᠳᠠᠯᠭ᠎ᠠ ᠪᠠᠷ ᠰᠦᠯᠵᠢᠶᠡᠨ ᠤ ᠵᠢᠭᠡᠯᠡᠯᠭᠡ ᠶᠢᠨ ᠰᠤᠷᠠᠭ ᠵᠠᠩᠬᠢ ᠶᠢᠨ ᠵᠠᠭᠤᠴᠢ ᠶᠢᠨ ᠪᠠᠶᠢᠭᠤᠯᠤᠮᠵᠢ ᠳᠤ ᠪᠠᠶᠢᠭᠤᠯᠤᠮᠵᠢ ᠶᠢᠨ ᠬᠢᠨᠠᠯᠲᠠ ᠬᠢᠨ᠎ᠡ᠃ ᠨᠠᠶᠢᠳᠠᠯᠭ᠎ᠠ ᠪᠠᠷ | ᠪᠡᠯᠡ ᠤᠷᠤᠭᠤᠯᠤᠯᠳᠠ ᠶᠢᠨ ᠺᠤᠮᠫᠠᠨᠢ᠂ ᠢᠳᠡᠭᠡᠮᠵᠢ ᠶᠢᠨ ᠬᠠᠮᠵᠢᠯᠴᠠᠭ᠎ᠠ ᠲᠠᠢ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ᠂ ᠨᠡᠶᠢᠭᠡᠮ ᠤᠨ ᠬᠠᠮᠳᠤᠪᠡᠷ | ᠴᠤᠭᠯᠠᠭᠤᠯᠬᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ | ︵ᠠᠷᠪᠠᠨ ᠨᠠᠢᠮᠠ︶ ᠮᠦᠩᠭᠦᠨ ᠭᠦᠢᠯᠭᠡᠭᠡᠨ ᠤ ᠭᠠᠳᠠᠭᠠᠲᠤ ᠬᠤᠷᠰᠢᠯᠴᠠᠭ᠎ᠠ ᠰᠤᠯᠢᠯᠴᠠᠭ᠎ᠠ ᠶᠢ ᠬᠠᠷᠢᠭᠤᠴᠠᠵᠦ᠂ ᠮᠦᠩᠭᠦᠨ ᠭᠦᠢᠯᠭᠡᠭᠡᠨ ᠤ ᠤᠷᠤᠨ ᠪᠦᠰᠡ ᠶᠢᠨ | ᠬᠤᠷᠰᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠪᠠᠶᠢᠯᠳᠤᠬᠤ ᠪᠤᠳᠤᠯᠭ᠎ᠠ ᠶᠢᠨ ᠬᠤᠷᠰᠢᠯᠴᠠᠭ᠎ᠠ ᠶᠢ ᠨᠢᠭᠡᠳᠦᠯᠳᠠᠢ ᠲᠦᠯᠦᠪᠯᠡᠨ ᠵᠤᠬᠢᠴᠠᠭᠤᠯᠤᠨ᠎ᠠ᠃ ᠮᠦᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠳᠠᠨ ᠤ | ᠡᠩᠨᠡᠭᠡᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ︵ᠠᠷᠪᠠ ᠶᠢᠰᠦ︶ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠰᠢᠢᠳᠪᠦᠷᠢᠯᠡᠬᠦ ᠲᠤᠭᠳᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶᠠᠲᠤ ᠤᠷᠤᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠲᠦᠯᠬᠢᠨ ᠠᠬᠢᠭᠤᠯᠵᠦ᠂ ᠤᠷᠤᠨ ᠨᠤᠲᠤᠭ ᠤᠨ | ᠮᠦᠩᠭᠦᠨ ᠭᠦᠢᠯᠭᠡᠭᠡᠨ ᠤ ᠲᠤᠭᠳᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ | ᠠᠵᠢᠯ ᠢ ᠳᠠᠭᠠᠭᠤᠯᠤᠨ ᠦᠷᠨᠢᠭᠦᠯᠦᠨ᠎ᠡ᠃ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠦᠨᠳᠦᠰᠦᠨ ᠲᠤᠭ᠎ᠠ ᠪᠠᠷᠢᠮᠳᠠ ᠪᠠ ᠰᠤᠷᠠᠭ ᠵᠠᠩᠬᠢ ᠶᠢᠨ ᠰᠢᠰᠲ᠋ᠧᠮ ᠤᠨ | ᠪᠠᠶᠢᠭᠤᠯᠤᠯᠳᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠷᠢ︶ ᠬᠤᠰᠢᠭᠤᠨ ᠤ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠬᠤ ᠶᠢ ᠬᠠᠷᠢᠭᠤᠴᠠᠨ᠎ᠠ᠃ ᠤᠷᠤᠨ ᠨᠤᠲᠤᠭ ᠤᠨ ᠬᠠᠷᠢᠶᠠᠲᠤ | ᠤᠷᠤᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠤᠯᠪᠤᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠬᠤ ᠶᠢ ᠬᠠᠤᠯᠢ ᠲᠤᠭᠳᠠᠭᠠᠯ ᠶᠤᠰᠤᠭᠠᠷ | ᠵᠢᠯᠤᠭᠤᠳᠤᠨ᠎ᠠ᠃ ᠬᠠᠮᠢᠶ᠎ᠠ ᠪᠦᠬᠦᠢ ᠮᠦᠩᠭᠦᠨ ᠭᠦᠢᠯᠭᠡᠭᠡᠨ ᠤ ᠦᠪᠡᠷ ᠤᠨ ᠵᠤᠬᠢᠶᠠᠨ ᠪᠠᠶᠢᠭᠤᠯᠤᠯᠳᠠ ᠶᠢᠨ ᠲᠦᠷᠢᠮᠵᠢᠭᠦᠨ ᠬᠦᠭᠵᠢᠭᠦ ᠶᠢ ᠵᠢᠯᠤᠭᠤᠳᠤᠨ᠎ᠠ᠃ | ︵ᠬᠤᠷᠢᠨ ᠨᠢᠭᠡ︶ ᠠᠵᠢᠯ ᠤᠨ ᠬᠢᠷᠢ ᠪᠦᠳᠦᠮᠵᠢ ᠶᠢᠨ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶ᠎ᠠ᠂ ᠬᠤᠰᠢᠭᠤ | ᠵᠠᠰᠠᠭ ᠤᠨ ᠤᠷᠳᠤᠨ ᠤ ᠠᠵᠢᠯ ᠤᠨ ᠬᠢᠷᠢ ᠪᠦᠳᠦᠮᠵᠢ ᠶᠢᠨ ᠬᠢᠨᠠᠨ ᠰᠢᠯᠭᠠᠬᠤ ᠠᠵᠢᠯ ᠤᠨ ᠲᠤᠬᠠᠢ ᠬᠤᠯᠪᠤᠭᠳᠠᠯ ᠪᠦᠬᠦᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ | ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠬᠤᠷᠢᠨ ᠬᠤᠶᠠᠷ︶ ᠬᠤᠰᠢᠭᠤ ᠵᠠᠰᠠᠭ ᠤᠨ ᠤᠷᠳᠤᠨ ᠤ ᠶᠡᠷᠦᠩᠬᠡᠢ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠴᠢᠬᠤᠯᠠ ᠪᠠᠶᠢᠳᠠᠯ ᠢ ᠴᠠᠭ ᠲᠤᠬᠠᠢ ᠳᠤᠨᠢ | ᠮᠡᠳᠡᠭᠦᠯᠦᠨ᠂ ᠬᠤᠯᠪᠤᠭᠳᠠᠯ ᠪᠦᠬᠦᠢ ᠵᠦᠢᠯᠡᠰ ᠢ ᠬᠠᠮᠵᠢᠯᠴᠠᠨ ᠰᠢᠢᠳᠪᠦᠷᠢᠯᠡᠨ᠎ᠡ᠃ | ︵ᠬᠤᠷᠢᠨ ᠭᠤᠷᠪᠠ︶ ᠪᠠᠶᠢᠭᠤᠯᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠤᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠬᠢ ᠶᠢ ᠠᠷᠪᠢᠯᠠᠬᠤ ᠬᠢᠨᠠᠨ ᠬᠠᠮᠢᠶᠠᠷᠤᠯᠲᠠ᠂ ᠠᠯᠪᠠᠨ ᠳᠤ ᠬᠡᠷᠡᠭᠯᠡᠬᠦ ᠭᠡᠷ᠂ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠳᠠ ᠶᠢᠨ ᠠᠵᠢᠯ ᠢ | ᠵᠢᠯᠤᠭᠤᠳᠤᠨ᠎ᠠ᠃ | ︵ᠬᠤᠷᠢᠨ ᠲᠦᠷᠪᠡ︶ ᠬᠤᠰᠢᠭᠤᠨ ᠤ PPP ᠲᠦᠷᠦᠯ ᠵᠦᠢᠯ ᠤᠨ ᠪᠦᠬᠦ ᠶᠠᠪᠤᠴᠠ ᠶᠢᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠬᠤ ᠶᠢ | ᠬᠠᠷᠢᠭᠤᠴᠠᠨ᠎ᠠ᠃ | ︵ᠬᠤᠷᠢᠨ ᠲᠠᠪᠤ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |