ᠬᠠᠭᠤᠴᠢᠨ ᠪᠠᠷᠭᠤ ᠬᠤᠰᠢᠭᠤᠨ ᠤ ᠭᠠᠳᠠᠭᠠᠲᠤ ᠶᠠᠪᠤᠳᠠᠯ ᠤᠨ ᠠᠯᠪᠠᠨ ᠭᠡᠷ ᠤᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/12
      ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠭᠠᠳᠠᠭᠠᠲᠤ ᠠᠵᠢᠯ ᠤᠨ ᠲᠤᠬᠠᠢ ᠬᠠᠥᠯᠢ ᠴᠠᠭᠠᠵᠠ᠂ ᠬᠠᠥᠯᠢ ᠳᠦᠷᠢᠮ ᠵᠢᠴᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠭᠠᠳᠠᠭᠠᠲᠤ ᠶᠠᠪᠤᠳᠠᠯ ᠤᠨ ᠠᠵᠢᠯ ᠤᠨ ᠳᠦᠷᠢᠮ ᠪᠤᠯᠤᠨ ᠠᠵᠢᠯ ᠤᠨ ᠲᠦᠯᠦᠪᠵᠢᠭᠦᠯᠬᠡ ᠶᠢ ᠰᠤᠳᠤᠯᠤᠨ ᠳᠤᠭᠲᠠᠭᠠᠨ᠎ᠠ᠃ ᠪᠦᠬᠦ ᠬᠤᠰᠢᠭᠤᠨ ᠤ ᠭᠠᠳᠠᠭᠠᠲᠤ ᠶᠠᠪᠤᠳᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃      ᠬᠤᠶᠠᠷ᠂ ᠭᠠᠳᠠᠭᠠᠲᠤ ᠶᠠᠪᠤᠳᠠᠯ ᠢ ᠮᠡᠳᠡᠭᠦᠯᠦᠨ ᠬᠦᠷᠭᠡᠬᠦ᠂ ᠬᠢᠨᠠᠨ ᠱᠠᠭᠠᠷᠳᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠳᠠᠭᠠᠲᠤ ᠲᠠᠢ ᠬᠠᠷᠢᠯᠴᠠᠨ ᠬᠤᠷᠰᠢᠯᠴᠠᠬᠤ ᠲᠦᠯᠦᠪᠵᠢᠭᠦᠯᠭᠡ ᠪᠠ ᠪᠠᠶᠢᠷᠢᠰᠢᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠵᠤᠬᠢᠴᠠᠭᠤᠯᠬᠤ ᠶᠢᠨ ᠬᠠᠮᠲᠤ ᠪᠦᠬᠦ ᠬᠤᠰᠢᠭᠤᠨ ᠤ ᠭᠠᠳᠠᠭᠠᠲᠤ ᠶᠠᠪᠤᠳᠠᠯ ᠤᠨ ᠠᠵᠢᠯ ᠤᠨ ᠶᠡᠷᠦᠩᠭᠡᠶᠢᠯᠡᠭᠰᠡᠨ ᠰᠢᠰᠲ᠋ᠧᠮᠵᠢᠭᠦᠯᠦᠨ ᠬᠠᠮᠢᠶᠠᠷᠬᠤ ᠡᠭᠦᠷᠭᠡ ᠶᠢ ᠭᠦᠢᠴᠡᠳᠭᠡᠨ᠎ᠡ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠳᠤ ᠪᠦᠬᠦ ᠬᠤᠰᠢᠭᠤᠨ ᠤ ᠴᠢᠬᠤᠯᠠ ᠶᠡᠭᠡ ᠭᠠᠳᠠᠭᠠᠲᠤ ᠶᠠᠪᠤᠳᠠᠯ ᠤᠨ ᠠᠰᠠᠭᠤᠳᠠᠯ ᠤᠨ ᠵᠢᠭᠠᠪᠤᠷᠢ ᠠᠪᠬᠤ ᠪᠠ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠳᠠᠭᠠᠲᠤ ᠶᠠᠪᠤᠳᠠᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠮᠢᠶ᠎ᠠ ᠪᠦᠬᠦᠢ ᠬᠠᠥᠯᠢ ᠴᠠᠭᠠᠵᠠ᠂ ᠬᠠᠥᠯᠢ ᠲᠤᠭᠲᠠᠭᠠᠯ  ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠭᠠᠳᠠᠭᠠᠲᠤ ᠶᠠᠪᠤᠳᠠᠯ ᠤᠨ ᠰᠠᠬᠢᠯᠭ᠎ᠠ ᠪᠠᠲᠤ  ᠶᠢ ᠵᠦᠷᠢᠴᠡᠭᠰᠡᠨ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ ᠪᠦᠬᠦ ᠬᠤᠰᠢᠭᠤᠨ ᠤ ᠴᠢᠬᠤᠯᠠ ᠶᠡᠭᠡ ᠭᠠᠳᠠᠭᠠᠲᠤ ᠲᠠᠢ ᠬᠤᠯᠪᠤᠭᠳᠠᠭᠰᠠᠨ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠤᠶᠤ ᠬᠠᠮᠵᠢᠨ ᠰᠢᠢᠳᠪᠦᠷᠢᠯᠡᠨ᠎ᠡ᠃     ᠭᠤᠷᠪᠠ᠂ ᠭᠠᠳᠠᠭᠠᠲᠤ ᠲᠠᠢ ᠬᠤᠯᠪᠤᠭᠳᠠᠬᠤ ᠠᠵᠢᠯᠯᠠᠭ᠎ᠠ ᠪᠠ ᠭᠠᠳᠠᠭᠠᠲᠤ ᠲᠠᠢ ᠬᠤᠯᠪᠤᠭᠳᠠᠬᠤ ᠶᠠᠪᠤᠳᠠᠯ ᠤᠨ ᠠᠵᠢᠯ ᠢ ᠵᠤᠬᠢᠴᠠᠭᠤᠯᠤᠨ ᠵᠤᠬᠢᠶᠠᠨ ᠪᠠᠶᠢᠭᠤᠯᠤᠨ᠎ᠠ ᠃ ᠴᠢᠬᠤᠯᠠ ᠶᠡᠭᠡ ᠭᠠᠳᠠᠭᠠᠲᠤ ᠶᠠᠪᠤᠳᠠᠯ ᠤᠨ ᠠᠵᠢᠯ ᠪᠠ ᠭᠠᠳᠠᠭᠠᠲᠤ ᠳᠤ ᠬᠤᠯᠪᠤᠭᠳᠠᠬᠤ ᠠᠵᠢᠯᠯᠠᠭ᠎ᠠ᠂ ᠴᠢᠬᠤᠯᠠ ᠭᠠᠳᠠᠭᠠᠲᠦ ᠶᠢᠨ ᠵᠤᠴᠢᠳ ᠢ ᠬᠦᠯᠢᠶᠠᠨ ᠠᠪᠬᠤ᠂ ᠪᠦᠬᠦ ᠬᠤᠰᠢᠭᠤᠨ ᠤ ᠭᠠᠳᠠᠭᠠᠲᠤ ᠲᠠᠢ ᠬᠤᠯᠪᠤᠭᠳᠠᠬᠤ ᠵᠤᠴᠢᠯᠠᠬᠤ ᠶᠤᠰᠤᠯᠠᠯ ᠤᠨ ᠠᠵᠢᠯ ᠢ ᠵᠢᠯᠤᠭᠤᠳᠬᠤ ᠶᠢ ᠵᠤᠬᠢᠴᠠᠭᠤᠯᠤᠨ ᠵᠤᠬᠢᠶᠠᠨ ᠪᠠᠶᠢᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠦᠬᠦ ᠬᠤᠰᠢᠭᠤᠨ ᠤ ᠤᠯᠤᠰ ᠤᠨ ᠬᠢᠯᠢ ᠶᠢᠨ ᠶᠠᠪᠤᠳᠠᠯ᠂ ᠬᠢᠯᠢ ᠬᠢᠵᠠᠭᠠᠷ ᠤᠷᠤᠨ ᠪᠠ ᠪᠤᠭᠤᠮᠳᠠ ᠶᠢᠨ ᠭᠠᠳᠠᠭᠠᠲᠤ ᠲᠠᠢ ᠬᠤᠯᠪᠤᠭᠳᠠᠬᠤ ᠬᠡᠷᠡᠭ ᠶᠠᠪᠤᠳᠠᠯ ᠤᠳ ᠢ ᠬᠠᠮᠢᠶᠠᠷᠤᠨ᠎ᠠ᠃ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡ᠂ ᠠᠭᠤᠯᠵᠠᠯᠲᠠ ᠶᠢᠨ ᠠᠵᠢᠯ ᠳᠤ ᠤᠷᠤᠯᠴᠠᠨ᠎ᠠ᠃     ᠳᠦᠷᠪᠡ᠂ ᠠᠯᠪᠠᠨ ᠤ ᠶᠠᠪᠤᠳᠠᠯ ᠢᠶᠠᠷ ᠭᠠᠳᠠᠭᠠᠲᠤ ᠳᠤ ᠭᠠᠷᠬᠤ ᠬᠠᠮᠢᠶᠠᠷᠤᠯᠲᠠ᠂ ᠭᠠᠳᠠᠭᠠᠲᠤ ᠲᠠᠢ ᠨᠦᠬᠦᠷᠰᠡᠭ ᠢᠶᠠᠷ ᠬᠠᠷᠢᠯᠴᠠᠬᠤ ᠪᠠ ᠭᠠᠳᠠᠭᠠᠲᠤ ᠶᠠᠪᠤᠳᠠᠯ ᠤᠨ ᠤᠬᠠᠭᠤᠯᠭ᠎ᠠ ᠬᠦᠮᠦᠵᠢᠯ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠠᠯᠪᠠᠨ ᠤ ᠶᠠᠪᠤᠳᠠᠯ ᠢᠶᠠᠷ ᠭᠠᠳᠠᠭᠠᠲᠤ ᠳᠤ ᠲᠤᠮᠢᠯᠠᠬᠤ ︵ᠬᠢᠯᠢ︶ ᠪᠦᠯᠬᠦᠮ ᠪᠠ ᠭᠠᠳᠠᠭᠠᠲᠤ ᠶᠢᠨ ᠬᠦᠮᠦᠨ ᠮᠠᠨ ᠤ ᠬᠤᠰᠢᠭᠤᠨ ᠳᠤ ᠠᠶᠢᠯᠴᠢᠯᠠᠭᠤᠯᠬᠤ ᠪᠠᠷ ᠤᠷᠢᠬᠤ ᠵᠡᠷᠭᠡ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠬᠦ ᠪᠠ ᠳᠡᠭᠡᠭᠰᠢ ᠮᠡᠳᠡᠭᠦᠯᠵᠦ᠂ ᠠᠯᠪᠠᠨ ᠤ ᠶᠠᠪᠤᠳᠠᠯ ᠤᠨ ᠫᠠᠰᠫᠤᠷᠲ ᠵᠡᠷᠭᠡ ᠬᠤᠯᠪᠤᠭᠳᠠᠯ ᠪᠦᠬᠦᠢ ᠶᠠᠪᠤᠳᠠᠯ ᠤᠳ ᠢ ᠬᠠᠮᠢᠶᠠᠷᠤᠨ᠎ᠠ᠃ ᠪᠦᠬᠦ ᠬᠤᠰᠢᠭᠤᠨ ᠤ ᠭᠠᠳᠠᠭᠠᠲᠤ ᠲᠠᠢ ᠨᠦᠬᠦᠷᠰᠢᠭ ᠢᠶᠠᠷ ᠶᠠᠪᠤᠯᠴᠠᠬᠤ᠂ ᠨᠦᠬᠦᠷᠰᠡᠭ ᠬᠤᠳᠠ᠂ ᠨᠦᠬᠦᠷᠰᠡᠭ ᠤᠷᠤᠨ ᠪᠠ ᠨᠦᠭᠦᠷᠰᠡᠭ ᠦᠨᠳᠦᠰᠦᠨ ᠱᠠᠲᠤᠨ ᠤ ᠨᠢᠭᠡᠴᠡ ᠶᠢᠨ ᠠᠵᠢᠯ ᠢ ᠦᠷᠨᠢᠭᠦᠯᠦᠨ᠎ᠡ᠃ ᠪᠦᠬᠦ ᠬᠤᠰᠢᠭᠤᠨ ᠤ ᠠᠷᠠᠳ ᠢᠷᠭᠡᠳ ᠤᠨ ᠭᠠᠳᠠᠭᠠᠲᠤ ᠲᠠᠢ ᠨᠦᠭᠦᠷᠰᠡᠭ ᠢᠶᠠᠷ ᠶᠠᠪᠤᠯᠴᠠᠬᠤ ᠠᠵᠢᠯ ᠢ ᠵᠢᠯᠤᠭᠤᠳᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠪᠠᠶᠢᠭᠠᠳ ᠭᠠᠳᠠᠭᠠᠲᠤ ᠤᠬᠠᠭᠤᠯᠭ᠎ᠠ ᠪᠠ ᠤᠯᠠᠨ ᠲᠦᠮᠡᠨᠴᠢ ᠴᠢᠨᠠᠷᠲᠡᠢ ᠭᠠᠳᠠᠭᠠᠲᠤ ᠶᠠᠪᠤᠳᠠᠯ ᠤᠨ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠨ᠎ᠡ᠃     ᠲᠠᠪᠤ᠂ ᠳᠡᠭᠡᠲᠤ ᠱᠠᠲᠤᠨ ᠤ ᠤᠯᠤᠰ ᠤᠨ ᠳᠤᠲᠤᠭᠠᠲᠤ ᠭᠠᠳᠠᠭᠠᠲᠤ ᠶᠢᠨ ᠠᠷᠠᠯᠵᠢᠶ᠎ᠠ᠂ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠲᠤ ᠬᠤᠳᠠᠯᠳᠤᠭᠠᠨ ᠤ ᠪᠡᠯᠡ ᠤᠷᠤᠭᠤᠯᠤᠯᠲᠠ ᠪᠠ ᠪᠤᠭᠤᠮᠳᠠ ᠶᠢᠨ ᠬᠠᠮᠢᠶᠠᠷᠣᠯᠲᠠ ᠶᠢᠨ ᠠᠵᠢᠯ ᠤᠨ ᠲᠤᠬᠠᠢ ᠬᠠᠥᠯᠢ ᠴᠠᠭᠠᠵᠠ᠂ ᠬᠠᠥᠯᠢ ᠳᠦᠷᠢᠮ ᠵᠢᠴᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢᠨ ᠪᠢᠴᠢᠬᠦ ᠶᠢ ᠬᠠᠷᠢᠭᠤᠴᠠᠨ᠎ᠠ ᠃ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠪᠠᠶᠢᠳᠠᠯ ᠢ ᠰᠤᠳᠤᠯᠵᠤ᠂ ᠬᠥᠭᠵᠢᠯᠲᠡ ᠶᠢᠨ ᠲᠦᠯᠦᠪᠵᠢᠭᠦᠯᠬᠡ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠵᠢᠷᠭᠤᠭ᠎ᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠭ᠎ᠠ ᠶᠢ ᠬᠠᠷᠢᠭᠤᠴᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠠ ᠨᠡᠶᠢᠭᠡᠮ ᠲᠤᠭᠤᠷᠢᠭ ᠤᠨ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠵᠢᠯᠤᠭᠤᠳᠴᠦ᠂ ᠳᠤᠮᠳᠠ ᠪᠠᠭ᠎ᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ  ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠯ ᠢ ᠳᠤᠷᠠᠳᠴᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠪᠠᠷᠢᠮᠵᠢᠶᠠᠵᠢᠭᠰᠠᠨ ᠪᠠ ᠬᠤᠯᠪᠤᠭᠠᠲᠤ ᠡᠵᠡᠩᠨᠡᠯᠲᠡ᠂ ᠬᠤᠳᠠᠯᠳᠤᠭᠠᠨ ᠤ ᠤᠨᠴᠠ ᠵᠦᠪᠰᠢᠶᠡᠷᠠᠯ ᠤᠨ ᠡᠵᠡᠩᠨᠡᠯᠲᠡ᠂ ᠪᠤᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ ᠡᠯᠧᠺᠲᠷᠤᠨ ᠬᠤᠳᠠᠯᠳᠤᠭᠠᠨ ᠤ  ᠶᠠᠪᠤᠳᠠᠯ ᠵᠡᠷᠭᠡ ᠣᠳᠤ ᠦᠶ᠎ᠡ ᠶᠢᠨ ᠭᠦᠢᠯᠭᠡᠭᠡᠨ ᠤ ᠠᠷᠭ᠎ᠠ ᠬᠡᠯᠪᠡᠷᠢ ᠶᠢᠨ ᠬᠥᠭᠵᠢᠯᠲᠡ ᠶᠢ ᠲᠥᠯᠬᠢᠨ ᠠᠬᠢᠭᠤᠯᠤᠨ᠎ᠠ᠃     ᠳᠤᠯᠤᠭ᠎ᠠ᠂ ᠵᠠᠬ᠎ᠠ ᠳᠡᠯᠭᠡᠭᠦᠷ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠠᠪᠴᠠᠯ ᠢ ᠰᠤᠳᠤᠯᠤᠨ ᠳᠤᠷᠠᠳᠴᠦ᠂ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠡᠯᠡᠨ ᠪᠦᠳᠦᠭᠡᠭᠳᠡᠭᠦᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠤᠨ ᠲᠦᠯᠦᠪᠵᠢᠭᠦᠯᠭᠡ ᠪᠠ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠤᠤᠷ ᠴᠡᠭ ᠤᠨ ᠲᠦᠯᠦᠪᠵᠢᠭᠦᠯᠬᠡ ᠶᠢ ᠵᠢᠯᠤᠭᠤᠳᠴᠦ᠂ ᠬᠤᠳᠠᠯᠳᠤᠭᠠᠨ ᠤ ᠶᠠᠪᠤᠳᠠᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠮᠠᠯᠵᠢᠬᠤ ᠤᠷᠤᠨ ᠤ ᠵᠠᠬ᠎ᠠ ᠳᠡᠯᠭᠡᠭᠦᠷ ᠤᠨ ᠲᠤᠭᠲᠠᠯᠴᠠᠭ᠎ᠠ ᠶᠢᠨ  ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠮᠠᠯᠵᠢᠬᠤ ᠤᠷᠤᠨ ᠤ ᠣᠳᠤ ᠦᠶ᠎ᠡ ᠶᠢᠨ ᠭᠦᠢᠯᠭᠡᠭᠡᠨ ᠤ ᠰᠦᠯᠵᠢᠶᠡᠨ ᠤ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠦᠨ ᠬᠤᠳᠠᠯᠳᠤᠭᠠᠨ ᠤ ᠶᠠᠪᠤᠳᠠᠯ ᠢ ᠮᠠᠯᠵᠢᠬᠤ ᠤᠷᠤᠨ ᠳᠤ ᠤᠷᠤᠭᠤᠯᠬᠤ ᠠᠵᠢᠯ ᠢ ᠲᠥᠯᠬᠢᠨ ᠠᠬᠢᠭᠤᠯᠤᠨ᠎ᠠ᠃      ᠨᠠᠢᠮᠠ᠂ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠯᠤᠭᠠᠶᠢᠯᠠᠨ ᠵᠤᠬᠢᠴᠠᠭᠤᠯᠤᠨ ᠴᠡᠭᠴᠡᠯᠡᠬᠦ ᠪᠠ ᠳᠦᠷᠢᠮᠵᠢᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠢᠲᠡᠭᠡᠮᠵᠢᠲᠤ ᠪᠤᠷᠤᠯᠠᠭᠤᠯᠭ᠎ᠠ ᠶᠢ ᠵᠢᠯᠤᠭᠤᠳᠴᠦ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠡᠢ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠤᠨᠴᠠᠭᠠᠢ ᠭᠦᠢᠯᠭᠡᠭᠡᠨ ᠤ ᠠᠵᠢᠯ ᠲᠦᠷᠦᠯ ᠳᠤ ᠬᠢᠨᠠᠨ  ᠬᠠᠮᠢᠶᠠᠷᠤᠯᠲᠠ ᠬᠢᠨ᠎ᠡ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠲᠤᠮᠤ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ︵ᠦᠵᠡᠭᠦᠯᠦᠯᠭᠡ︶ ᠶᠢᠨ ᠬᠦᠳᠡᠯᠭᠡᠭᠡᠨ ᠤ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠤᠭᠤᠳᠬᠤ ᠶᠢ ᠬᠠᠷᠢᠭᠤᠴᠠᠨ᠎ᠠ᠃      ᠶᠢᠰᠦ᠂ ᠴᠢᠬᠤᠯᠠ ᠬᠡᠷᠡᠭᠯᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠴᠢᠬᠤᠯᠠ ᠬᠡᠷᠡᠭᠯᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠪᠠ ᠴᠢᠬᠤᠯᠠ ᠦᠢᠯᠡᠳᠪᠦᠷᠢᠯᠡᠯ ᠤᠨ ᠮᠠᠲ᠋ᠧᠷᠢᠶᠠᠯ ᠤᠨ ᠭᠦᠢᠯᠭᠡᠭᠡᠨ ᠤ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠬᠡᠷᠡᠭᠴᠡᠭᠡᠲᠦ ᠪᠤᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠭᠲᠠᠴᠠ ᠶᠢ ᠪᠦᠷᠢᠨᠰᠢᠭᠦᠯᠦᠨ᠎ᠡ᠃ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠡᠷᠬᠢᠯᠲᠡ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠤ ᠵᠠᠳᠠᠯᠤᠨ᠎ᠠ᠃ ᠲᠠᠸᠠᠷ ᠤᠨ ᠦᠨ᠎ᠡ ᠶᠢᠨ ᠰᠤᠷᠠᠭ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠡᠨ ᠬᠡᠮᠵᠢᠵᠤ ᠤᠷᠢᠳᠴᠢᠯᠡᠨ ᠰᠡᠷᠭᠡᠶᠢᠯᠡᠬᠦ ᠪᠠ ᠰᠤᠷᠠᠭ ᠵᠠᠩᠭᠢ ᠶᠢᠨ ᠬᠠᠩᠭᠠᠨ᠎ᠠ᠃ ᠮᠢᠬᠠᠨ ᠤ ᠲᠦᠷᠦᠯ ᠵᠡᠷᠭᠡ ᠴᠢᠬᠤᠯᠠ ᠲᠠᠸᠠᠷ ᠤᠨ ᠨᠦᠭᠡᠴᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠠᠥᠯᠢ ᠶᠤᠰᠤᠭᠠᠷ ᠪᠦᠳᠦᠭᠡᠭᠳᠡᠭᠦᠨ ᠲᠤᠰᠤ ᠶᠢᠨ ᠭᠦᠢᠯᠭᠡᠭᠡᠨ ᠢ ᠬᠢᠨᠠᠨ ᠬᠠᠮᠢᠶᠠᠷᠤᠨ᠎ᠡ᠃      ᠠᠷᠪᠠ᠂ ᠭᠠᠳᠠᠭᠠᠲᠤ ᠠᠷᠠᠯᠵᠢᠶᠠᠨ ᠤ ᠬᠠᠮᠢᠶᠠᠷᠤᠯᠲᠠ᠂ ᠭᠠᠳᠠᠭᠠᠲᠤ ᠠᠴᠠ ᠤᠷᠤᠭᠤᠯᠵᠤ᠂ ᠭᠠᠳᠠᠭᠠᠲᠤ ᠳᠤ ᠭᠠᠷᠭᠠᠬᠤ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠳᠠᠭᠠᠲᠤ ᠠᠷᠠᠯᠵᠢᠶ᠎ᠠ ᠶᠢ ᠠᠬᠢᠭᠤᠯᠬᠤ ᠦᠰᠦᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠤᠷᠪᠢᠨ ᠲᠤᠭᠲᠠᠭᠠᠵᠤ᠂ ᠪᠦᠬᠦ ᠬᠤᠰᠢᠭᠤᠨ ᠤ ᠠᠷᠠᠯᠵᠢᠶ᠎ᠠ ᠬᠦᠳᠡᠯᠭᠡᠭᠡᠨ ᠢ ᠠᠬᠢᠭᠤᠯᠬᠤ ᠪᠠ ᠭᠠᠳᠠᠭᠠᠲᠤ ᠠᠷᠠᠯᠵᠢᠶ᠎ᠠ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠶᠢ ᠵᠢᠯᠤᠭᠤᠳᠤᠨ᠎ᠠ᠃ ᠳᠡᠭᠡᠲᠤ ᠱᠠᠲᠤ ᠲᠠᠢ ᠵᠤᠬᠢᠴᠠᠯᠴᠠᠨ ᠠᠷᠠᠯᠵᠢᠶᠠᠨ ᠤ ᠬᠤᠯᠪᠤᠭᠳᠠᠯ ᠪᠦᠬᠦᠢ ᠲᠠᠸᠠᠷ᠂ ᠮᠡᠷᠭᠡᠵᠢᠯ ᠢ ᠭᠠᠳᠠᠭᠠᠲᠤ ᠠᠴᠠ ᠤᠷᠤᠭᠤᠯᠵᠤ᠂ ᠭᠠᠳᠠᠭᠠᠲᠤ ᠳᠤ ᠭᠠᠷᠭᠠᠬᠤ ᠲᠦᠯᠦᠪᠯᠡᠭᠡ ᠶᠢ ᠬᠠᠮᠢᠶᠠᠷᠤᠨ᠎ᠠ᠃ ᠳᠡᠭᠡᠲᠤ ᠱᠠᠲᠤᠨ ᠤ ᠭᠠᠳᠠᠭᠠᠲᠤ ᠳᠠᠬᠢ ᠮᠡᠷᠭᠡᠵᠢᠯ ᠤᠨ ᠠᠷᠠᠯᠵᠢᠶ᠎ᠠ᠂ ᠭᠠᠳᠠᠭᠠᠲᠤ ᠳᠤ ᠭᠠᠷᠭᠠᠬᠤ ᠬᠠᠮᠢᠶᠠᠷᠤᠨ ᠬᠢᠵᠠᠭᠠᠷᠯᠠᠬᠤ ᠵᠢᠴᠢ ᠮᠡᠷᠭᠡᠵᠢᠯ ᠢ ᠵᠤᠷᠢᠭᠵᠢᠭᠤᠯᠬᠤ᠂ ᠢᠵᠢ ᠲᠦᠭᠦᠭᠡᠷᠦᠮᠵᠢ ᠶᠢᠨ ᠭᠠᠳᠠᠭᠠᠲᠤ ᠠᠴᠠ ᠤᠷᠤᠭᠤᠯᠵᠤ᠂ ᠭᠠᠳᠠᠭᠠᠲᠤ ᠳᠤ ᠭᠠᠷᠭᠠᠬᠤ ᠠᠷᠠᠯᠵᠢᠶᠠᠨ ᠤ ᠲᠦᠷᠦ ᠶᠢᠨ ᠪᠤᠳᠤᠯᠭ᠎ᠠ ᠪᠠ ᠪᠤᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠲᠤ ᠠᠴᠠ ᠤᠷᠤᠭᠤᠯᠵᠤ᠂ ᠭᠠᠳᠠᠭᠠᠲᠤ ᠳᠤ ᠭᠠᠷᠭᠠᠬᠤ ᠠᠷᠠᠯᠵᠢᠶᠠᠨ ᠤ ᠪᠠᠷᠢᠮᠵᠢᠶᠠᠴᠢᠯᠠᠭᠰᠠᠨ ᠠᠵᠢᠯ ᠢ ᠲᠥᠯᠬᠢᠨ ᠠᠬᠢᠭᠤᠯᠤᠨ᠎ᠠ᠃ ᠳᠡᠭᠡᠲᠤ ᠱᠠᠲᠤᠨ ᠤ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠤᠯᠪᠤᠭᠳᠠᠯ ᠪᠦᠬᠦᠢ ᠠᠵᠢᠯ ᠢ ᠶᠠᠪᠤᠭᠳᠠᠭᠤᠯᠤᠨ᠎ᠠ᠃ ᠳᠡᠭᠡᠲᠤ ᠱᠠᠲᠤᠨ ᠤ ᠦᠢᠯᠡᠴᠢᠯᠡᠭᠡᠨ ᠤ ᠭᠠᠳᠠᠭᠠᠲᠤ ᠳᠤ ᠭᠠᠷᠭᠠᠬᠤ ᠶᠢ ᠠᠬᠢᠭᠤᠯᠬᠤ ᠪᠠ ᠦᠢᠯᠡᠴᠢᠯᠡᠭᠡᠨ ᠤ ᠭᠠᠳᠠᠭᠠᠲᠤ ᠳᠤ ᠳᠠᠭᠠᠭᠠᠯᠭᠠᠬᠤ ᠬᠥᠭᠵᠢᠯᠲᠡ ᠶᠢᠨ ᠲᠦᠯᠦᠪᠵᠢᠭᠦᠯᠬᠡ᠂ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠦᠵᠡᠭᠦᠯᠦᠯᠭᠡ ᠶᠢᠨ ᠦᠢᠯᠡᠰ ᠢ ᠠᠬᠢᠭᠤᠯᠬᠤ ᠠᠵᠢᠯ ᠢ ᠬᠠᠷᠢᠭᠤᠴᠠᠨ᠎ᠠ᠃     ᠠᠷᠪᠠᠨ ᠨᠢᠭᠡ᠂ ᠪᠦᠬᠦ ᠬᠤᠰᠢᠭᠤᠨ ᠤ ᠭᠠᠳᠠᠭᠠᠲᠤ ᠠᠵᠤ ᠠᠬᠤᠢ ᠮᠡᠷᠭᠡᠵᠢᠯ ᠤᠨ ᠬᠤᠷᠰᠢᠯᠴᠠᠭ᠎ᠠ ᠶᠢᠨ ᠠᠵᠢᠯ ᠢ ᠬᠠᠷᠢᠭᠤᠴᠠᠨ᠎ᠠ᠃ ᠤᠷᠤᠰ᠂ ᠮᠤᠩᠭᠤᠯ ᠤᠯᠤᠰ ᠪᠠ《ᠨᠢᠭᠡ ᠪᠦᠰᠡ ᠨᠢᠭᠡ ᠵᠠᠮ》 ᠤᠨ ᠱᠤᠭᠤᠮ ᠳᠠᠭᠠᠤ ᠤᠯᠤᠰ ᠤᠨ ᠠᠵᠤ ᠠᠬᠤᠢ ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ᠭᠠᠳᠠᠭᠠᠲᠤ ᠳᠤ ᠳᠠᠭᠠᠭᠠᠴᠢᠯᠠᠭᠤᠯᠤᠭᠰᠠᠨ ᠢᠨᠵᠧᠨᠧᠷᠢᠩ᠂ ᠭᠠᠳᠠᠭᠠᠲᠤ ᠳᠤ ᠲᠤᠮᠢᠯᠠᠭᠰᠠᠨ ᠬᠦᠳᠡᠯᠮᠦᠷᠢ ᠬᠦᠴᠦ᠂ ᠭᠠᠳᠠᠭᠠᠲᠤ ᠳᠤ ᠪᠡᠯᠡ ᠤᠷᠤᠭᠤᠯᠤᠨ ᠡᠷᠬᠢᠯᠡᠭᠰᠡᠨ ᠠᠵᠤ ᠠᠬᠤᠶᠢᠯᠠᠯ ᠢ ︵ᠮᠦᠩᠭᠦᠨ ᠭᠦᠢᠯᠭᠡᠭᠡᠨ ᠤ ᠠᠵᠤ ᠠᠬᠤᠶᠢᠯᠠᠯ ᠠᠴᠠ ᠭᠠᠳᠠᠨ᠎ᠠ︶ ᠬᠠᠥᠯᠢ ᠶᠤᠰᠤᠭᠠᠷ ᠬᠠᠮᠢᠶᠠᠷᠤᠨ᠎ᠠ᠃ ᠳᠡᠭᠡᠲᠤ ᠱᠠᠲᠤ ᠲᠠᠢ ᠬᠠᠮᠵᠢᠯᠴᠠᠨ ᠭᠠᠳᠠᠭᠠᠲᠤ ᠳᠤ ᠲᠤᠰᠠᠯᠠᠬᠤ ᠠᠵᠢᠯ ᠢ ᠬᠢᠨ᠎ᠡ᠃     ᠠᠷᠪᠠᠨ ᠬᠤᠶᠠᠷ᠂ ᠪᠦᠬᠦ ᠬᠤᠰᠢᠭᠤᠨ ᠤ ᠭᠠᠳᠠᠭᠠᠲᠤ ᠠᠷᠠᠯᠵᠢᠶᠠᠨ ᠤ ᠪᠡᠯᠡ ᠤᠷᠤᠭᠤᠯᠬᠤ ᠠᠵᠢᠯ ᠢ ᠵᠢᠯᠤᠭᠤᠳᠤᠨ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤ ᠭᠠᠳᠠᠭᠠᠲᠤ ᠠᠷᠠᠯᠵᠢᠶᠠᠨ ᠤ ᠪᠡᠯᠡ ᠤᠷᠤᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠪᠠ ᠬᠥᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠨ᠎ᠠ᠃ ᠳᠡᠭᠡᠲᠤ ᠱᠠᠲᠤ ᠲᠠᠢ ᠬᠠᠮᠵᠢᠯᠴᠠᠨ ᠪᠦᠬᠦ ᠬᠤᠰᠢᠭᠤᠨ ᠤ ᠭᠠᠳᠠᠭᠠᠲᠤ ᠠᠷᠠᠯᠵᠢᠶᠠᠨ ᠤ ᠪᠡᠯᠡ ᠤᠷᠤᠭᠤᠯᠬᠤ ᠠᠵᠤ ᠠᠬᠤᠶᠢᠯᠠᠯ ᠤᠨ ᠪᠠᠶᠢᠭᠤᠯᠬᠤ᠂ ᠬᠤᠪᠢᠷᠠᠭᠠᠬᠤ ᠵᠡᠷᠭᠡ ᠠᠵᠢᠯ ᠲᠦᠷᠦᠯ ᠤᠨ ᠳᠠᠩᠰᠠᠯᠠᠬᠤ ᠠᠵᠢᠯ ᠢ ᠬᠢᠨ᠎ᠡ᠃ ᠭᠠᠳᠠᠭᠠᠲᠤ ᠠᠷᠠᠯᠵᠢᠶᠠᠨ ᠤ ᠪᠡᠯᠡ ᠤᠷᠤᠭᠤᠯᠤᠯᠲᠠ ᠨᠢ ᠬᠤᠯᠪᠤᠭᠳᠠᠯ ᠪᠦᠬᠦᠢ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠭᠠᠳᠠᠭᠠᠲᠤ ᠠᠷᠠᠯᠵᠢᠶᠠᠨ ᠤ ᠪᠡᠯᠡ ᠤᠷᠤᠭᠤᠯᠬᠤ ᠠᠵᠤ ᠠᠬᠤᠶᠢᠯᠠᠯ ᠤᠨ ᠬᠤᠯᠪᠤᠭᠳᠠᠯ ᠪᠦᠬᠦᠢ ᠬᠠᠥᠯᠢ ᠴᠠᠭᠠᠵᠠ ᠬᠠᠥᠯᠢ ᠳᠦᠷᠢᠮ ᠳᠦᠷᠢᠮ ᠲᠤᠭᠳᠠᠭᠠᠯ᠂ ᠭᠡᠷ᠎ᠡ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠬᠠᠥᠯᠢ ᠶᠤᠰᠤᠭᠠᠷ ᠬᠢᠨᠠᠨ ᠱᠠᠭᠠᠷᠳᠠᠵᠤ ᠪᠠᠶᠢᠴᠠᠭᠠᠬᠤ ᠶᠢᠨ ᠬᠠᠮᠲᠤ ᠬᠤᠯᠪᠤᠭᠳᠠᠯ ᠪᠦᠬᠦᠢ ᠠᠰᠠᠭᠤᠳᠠᠯ ᠢ ᠬᠠᠮᠵᠢᠯᠴᠠᠨ ᠰᠢᠢᠳᠪᠦᠷᠢᠯᠡᠨ᠎ᠡ᠃     ᠠᠷᠪᠠᠨ ᠭᠤᠷᠪᠠ᠂ ᠪᠤᠭᠤᠮᠳᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠤᠭᠤᠮᠳᠠ ᠶᠢᠨ ᠠᠵᠤ ᠠᠬᠤᠢ ᠶᠢ ᠲᠥᠯᠬᠢᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠡᠯᠧᠺᠲᠷᠦᠨ ᠪᠤᠭᠤᠮᠳᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠬᠠᠷᠢᠭᠤᠴᠠᠨ᠎ᠠ᠃ ᠪᠤᠭᠤᠮᠳᠠ ᠶᠢᠨ ᠨᠡᠭᠡᠭᠡᠯᠲᠡ᠂ ᠪᠠᠶᠢᠭᠤᠯᠤᠯᠲᠠ᠂ ᠡᠷᠬᠢᠯᠲᠡ᠂ ᠬᠠᠭᠠᠬᠤ ᠵᠡᠷᠭᠡ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ ᠪᠦᠬᠦ ᠬᠤᠰᠢᠭᠤᠨ ᠤ ᠪᠤᠭᠤᠮᠳᠠ ᠪᠠᠶᠢᠭᠤᠯᠬᠤ ᠰᠠᠭᠤᠷᠢ ᠲᠦᠭᠦᠭᠡᠷᠦᠮᠵᠢ᠂ᠢᠵᠢ ᠲᠦᠬᠦᠭᠡᠷᠦᠮᠵᠢ ᠶᠢ ᠪᠠᠶᠢᠴᠠᠭᠠᠬᠤ ᠪᠠ ᠲᠤᠭᠳᠠᠭᠰᠠᠨ ᠪᠤᠭᠤᠮᠳᠠ ᠶᠢᠨ ᠠᠵᠢᠯ ᠢ ᠵᠢᠯᠤᠭᠤᠳᠤᠨ᠎ᠠ᠃ ᠪᠤᠭᠤᠮᠳᠠ ᠶᠢᠨ《ᠰᠢᠭᠤᠳ ᠰᠢᠯᠤᠭᠤᠨ ᠪᠤᠭᠤᠮᠳᠠ ᠦᠩᠭᠡᠷᠡᠬᠦ》 ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠲᠥᠯᠬᠢᠨ ᠠᠬᠢᠭᠤᠯᠵᠤ᠂ ᠪᠤᠭᠤᠮᠳᠠ ᠶᠢᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠪᠤᠭᠤᠮᠳᠠ ᠦᠩᠭᠡᠷᠡᠬᠦ ᠳᠤᠮᠳᠠ ᠡᠯ᠎ᠡ ᠰᠠᠯᠠᠭ᠎ᠠ ᠮᠦᠴᠢᠷ ᠤᠨ ᠠᠵᠢᠯ ᠤᠨ ᠬᠠᠷᠢᠴᠠᠭ᠎ᠠ ᠶᠢ ᠵᠤᠬᠢᠴᠠᠭᠤᠯᠤᠨ᠎ᠠ᠃ ᠪᠦᠬᠦ ᠬᠤᠰᠢᠭᠤᠨ ᠤ ᠪᠤᠭᠤᠮᠳᠠ ᠶᠢᠨ ᠰᠤᠷᠠᠭ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃ ᠪᠤᠭᠤᠮᠳᠠ ᠶᠢᠨ ᠬᠦᠷᠢᠶ᠎ᠡ ᠬᠡᠪᠴᠢᠶᠠᠨ ᠤ ᠤᠯᠠᠨ ᠨᠡᠶᠢᠲᠡ ᠶᠢᠨ ᠠᠮᠤᠷ ᠲᠥᠪᠰᠢᠨ ᠤ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠤᠯᠪᠤᠭᠳᠠᠯ ᠪᠦᠬᠦᠢ ᠠᠵᠢᠯ ᠢ ᠵᠢᠯᠤᠭᠤᠳᠤᠨ᠎ᠠ᠃ ᠪᠤᠭᠤᠮᠳᠠ ᠶᠢᠨ ᠡᠷᠬᠢᠯᠲᠡ ᠶᠢ ᠬᠢᠨᠠᠨ ᠡᠵᠡᠮᠳᠡᠬᠦ ᠪᠠ ᠬᠦᠳᠡᠯᠦᠩᠭᠦᠢ ᠪᠠᠶᠢᠳᠠᠯ ᠤᠨ ᠬᠢᠨᠠᠯᠲᠠ ᠶᠢ ᠬᠠᠷᠢᠭᠤᠴᠠᠵᠤ᠂ ᠪᠤᠭᠤᠮᠳᠠ ᠶᠢᠨ ᠲᠤᠭ᠎ᠠ ᠪᠠᠷᠢᠮᠲᠠ ᠶᠢᠨ ᠠᠵᠢᠯ ᠢ ᠬᠢᠨᠠᠨ ᠬᠡᠮᠵᠢᠵᠤ ᠵᠠᠳᠠᠯᠤᠨ᠎ᠠ᠃     ᠠᠷᠪᠠᠨ ᠳᠥᠷᠪᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ