ᠬᠠᠭᠤᠴᠢᠨ ᠪᠠᠷᠭᠤ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/12
     ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠠᠷᠠᠳ ᠤᠨ ᠶᠠᠪᠤᠳᠠᠯ ᠤᠨ ᠲᠤᠬᠠᠢ ᠬᠠᠥᠯᠢ ᠴᠠᠭᠠᠵᠠ ᠬᠠᠥᠯᠢ ᠳᠦᠷᠢᠮ ᠵᠢᠴᠢ ᠲᠦᠷᠦ ᠶᠢᠨ ᠪᠤᠳᠤᠯᠭ᠎ᠠ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠶᠠᠪᠤᠳᠠᠯ ᠤᠨ ᠲᠤᠰᠬᠠᠢ ᠲᠦᠷᠦᠯ ᠤᠨ ᠪᠡᠯᠡ ᠮᠦᠩᠭᠦ ᠶᠢᠨ ᠬᠤᠪᠢᠶᠠᠷᠢᠯᠠᠬᠤ᠂ ᠲᠠᠷᠬᠠᠭᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠠᠤᠨ ᠤᠨ ᠶᠠᠪᠤᠳᠠᠯ ᠤᠨ ᠲᠦᠷᠦᠯ ᠵᠦᠢᠯ ᠤᠨ ᠨᠥᠭᠡᠴᠡ ᠶᠢ ᠳᠡᠭᠡᠭᠰᠢ ᠮᠡᠳᠡᠭᠦᠯᠬᠦ ᠵᠢᠴᠢ ᠠᠷᠠᠤᠨ ᠤᠨ ᠶᠠᠪᠤᠳᠠᠯ ᠤᠨ ᠠᠵᠢᠯ ᠦᠢᠯᠡᠰ ᠤᠨ ᠪᠦᠷᠢᠳᠭᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠰᠤᠮᠤ ᠪᠠᠯᠭᠠᠰᠤ ᠶᠢ ᠵᠢᠯᠤᠭᠤᠳᠤᠨ ᠬᠤᠯᠪᠤᠭᠳᠠᠯ ᠪᠦᠬᠦᠢ ᠠᠵᠢᠯ ᠢ ᠦᠷᠨᠢᠭᠦᠯᠦᠨ᠎ᠡ᠃      ᠬᠤᠶᠠᠷ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠳᠠᠩᠰᠠᠯᠠᠬᠤ᠂ ᠬᠠᠥᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠦᠩᠭᠦ ᠶᠢᠨ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ᠠᠪᠴᠠᠯ ᠢ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠳᠤ ᠬᠠᠥᠯᠢ ᠶᠤᠰᠤᠭᠠᠷ ᠳᠠᠩᠰᠠᠯᠠᠨ ᠬᠠᠮᠢᠶᠠᠷᠬᠤ ᠪᠠ ᠬᠢᠨᠠᠨ ᠱᠠᠭᠠᠷᠳᠠᠨ ᠪᠠᠶᠢᠴᠠᠭᠠᠯᠲᠠ ᠬᠢᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠤᠭᠤᠳᠴᠦ᠂ ᠬᠤᠰᠢᠭᠤᠨ ᠤ ᠲᠤᠰ ᠱᠠᠲᠤᠨ ᠤ ᠰᠢᠭᠤᠳ ᠳᠠᠩᠰᠠᠯᠠᠬᠤ ᠬᠠᠮᠢᠶᠠᠷᠬᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ᠭᠤᠷᠪᠠ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠤᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠵᠦ᠂ ᠬᠤᠳᠠ ᠬᠥᠳᠡᠭᠡ ᠶᠢᠨ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠤᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷ ᠴᠠᠭ ᠤᠨ ᠠᠪᠤᠷᠠᠨ ᠲᠤᠰᠠᠯᠠᠯᠲᠠ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢ ᠶᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃      ᠳᠦᠷᠪᠡ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠬᠤᠳᠠ ᠬᠥᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠦᠨᠳᠦᠰᠦᠨ ᠱᠠᠲᠤᠨ ᠤ ᠤᠯᠠᠨ ᠲᠦᠮᠡᠨ ᠤ ᠦᠪᠡᠷᠲᠡᠭᠡᠨ ᠵᠠᠰᠠᠬᠤ ᠪᠠ ᠬᠤᠳᠠ ᠬᠥᠳᠡᠭᠡ ᠶᠢᠨ ᠨᠡᠶᠢᠭᠡᠮ ᠲᠤᠭᠤᠷᠢᠭ ᠢ ᠵᠠᠰᠠᠯᠲᠠ ᠶᠢᠨ ᠲᠦᠷᠦ ᠶᠢᠨ ᠪᠤᠳᠤᠯᠭ᠎ᠠ᠂ ᠬᠤᠳᠠ ᠬᠥᠳᠡᠭᠡ ᠨᠡᠶᠢᠭᠡᠮ ᠲᠤᠭᠤᠷᠢᠭ ᠤᠨ ᠵᠠᠰᠠᠯᠲᠠ ᠶᠢᠨ ᠲᠤᠭᠲᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠦ᠂ ᠦᠨᠳᠦᠰᠦᠨ ᠱᠠᠲᠤᠨ ᠤ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠦ᠂ ᠦᠨᠳᠦᠰᠦᠨ  ᠱᠠᠲᠤᠨ ᠤ ᠠᠷᠠᠳᠴᠢᠯᠠᠯ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃       ᠲᠠᠪᠤ᠂ ᠤᠷᠤᠨ ᠬᠤᠪᠢᠶᠠᠷᠢᠯᠠᠬᠤ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠬᠤ᠂ ᠵᠠᠰᠠᠭ ᠵᠠᠬᠢᠷᠭᠠᠨ ᠤ ᠤᠷᠤᠨ ᠪᠦᠰᠡ ᠶᠢᠨ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠷᠤᠨ ᠤ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠤᠷᠤᠨ ᠬᠤᠪᠢᠶᠠᠷᠢᠯᠡᠯ ᠤᠨ ᠬᠤᠪᠢᠷᠠᠯᠲᠠ ᠶᠢᠨ ᠬᠢᠨᠠᠨ ᠬᠠᠷᠭᠤᠭᠤᠯᠬᠤ ᠪᠠ ᠭᠤᠶᠤᠴᠢᠯᠠᠨ ᠮᠡᠳᠡᠭᠦᠯᠬᠦ ᠠᠵᠢᠯ ᠢ ᠳᠠᠭᠠᠭᠠᠴᠢᠯᠠᠵᠤ᠂ ᠵᠠᠰᠠᠭ ᠵᠠᠬᠢᠷᠭᠠᠨ ᠤ ᠤᠷᠤᠨ ᠤ ᠬᠤᠪᠢᠶᠠᠷᠢ ᠶᠢᠨ ᠵᠠᠭᠠᠭ ᠱᠤᠭᠤᠮ ᠢ ᠬᠠᠶᠢᠨ ᠲᠤᠭᠲᠠᠭᠠᠬᠤ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠴᠦ᠂ ᠲᠤᠭᠲᠠᠭᠠᠭᠰᠠᠨ ᠡᠷᠬᠡ ᠶᠢᠨ ᠬᠡᠪᠴᠢᠶᠠᠨ ᠳᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠷᠤᠭ ᠬᠤᠷᠢᠮ᠂ ᠤᠷᠤᠰᠢᠭᠤᠯᠭ᠎ᠠ ᠶᠢᠨ ᠬᠠᠮᠢᠶᠠᠷᠤᠯᠲᠠ ᠲᠦᠷᠦ ᠶᠢᠨ ᠪᠤᠳᠤᠯᠭ᠎ᠠ ᠪᠠ ᠦᠢᠯᠡᠴᠢᠯᠡᠭᠡᠨ ᠤ ᠳᠦᠷᠢᠮᠵᠢᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠬᠤᠷᠢᠮ ᠤᠨ ᠵᠠᠩ ᠳᠠᠳᠬᠠᠯ᠂ ᠤᠷᠤᠰᠢᠭᠤᠯᠭ᠎ᠠ ᠶᠢᠨ ᠦᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠤᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠠᠷᠠᠭᠠᠯᠵᠠᠯ ᠤᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ ᠲᠥᠯᠬᠢᠨ ᠠᠬᠢᠭᠤᠯᠤᠨ᠎ᠠ᠃      ᠳᠤᠯᠤᠭ᠎ᠠ᠂ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠦᠯᠦᠪᠯᠡᠨ ᠲᠥᠯᠬᠢᠨ ᠠᠬᠢᠭᠤᠯᠵᠤ᠂ ᠱᠠᠭᠠᠷᠳᠠᠨ ᠵᠢᠯᠤᠭᠤᠳᠴᠦ᠂ ᠨᠠᠰᠤᠵᠢᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠨᠠᠰᠤᠲᠠᠶᠢᠴᠤᠳ ᠤᠨ ᠬᠠᠷᠠᠭᠠᠯᠵᠠᠯ ᠪᠠ ᠤᠨᠴᠠ ᠬᠦᠴᠢᠷᠳᠡᠯᠲᠡᠢ ᠨᠠᠰᠤᠲᠠᠶᠢᠴᠤᠳ ᠤᠨ ᠠᠪᠤᠷᠠᠨ ᠲᠤᠰᠠᠯᠠᠬᠤ ᠠᠵᠢᠯ ᠢ ᠳᠠᠭᠠᠭᠠᠴᠢᠯᠠᠨ᠎ᠠ᠃      ᠨᠠᠢᠮᠠ᠂ ᠬᠡᠥᠭᠡᠳ ᠤᠨ ᠬᠠᠷᠠᠭᠠᠯᠵᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠥᠭᠡᠳ ᠤᠨ ᠬᠠᠷᠠᠭᠠᠯᠵᠠᠯ᠂ ᠦᠨᠦᠴᠢᠨ ᠭᠤᠯᠤᠭᠳᠠᠭᠰᠠᠨ ᠬᠡᠥᠭᠡᠳ ᠤᠨ ᠪᠠᠲᠤᠯᠠᠭ᠎ᠠ᠂ ᠬᠡᠥᠭᠡᠳ ᠢ ᠡᠷᠭᠦᠨ ᠲᠡᠵᠢᠭᠡᠬᠦ᠂ ᠬᠡᠥᠭᠡᠳ ᠤᠨ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ᠂ ᠪᠠᠷᠢᠮᠵᠢᠶ᠎ᠠ᠂ ᠬᠥᠳᠡᠭᠡ ᠲᠤᠰᠬᠤᠨ ᠢ ᠪᠦᠷᠢᠨᠰᠢᠭᠦᠯᠬᠦ᠂ ᠮᠠᠯᠵᠢᠬᠤ ᠤᠷᠤᠨ ᠤ ᠦᠯᠡᠳᠡᠵᠤ ᠬᠤᠴᠤᠷᠤᠭᠰᠠᠨ ᠬᠡᠥᠭᠡᠳ ᠢ ᠬᠠᠯᠠᠮᠵᠢᠯᠠᠨ ᠦᠢᠯᠡᠴᠢᠯᠡᠭᠡᠨ ᠤ ᠲᠤᠭᠲᠠᠯᠴᠠᠭ᠎ᠠ ᠪᠠ ᠬᠦᠴᠢᠷᠳᠡᠯᠲᠡᠢ ᠬᠡᠥᠭᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃       ᠶᠢᠰᠦ᠂ ᠨᠢᠭᠦᠯᠡᠰᠦᠩᠭᠦᠢ ᠦᠢᠯᠡᠰ ᠪᠠ ᠨᠡᠶᠢᠭᠡᠮ ᠤᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤ ᠪᠠᠷ ᠢᠶᠠᠨ ᠨᠢᠭᠦᠯᠡᠰᠦᠩᠭᠦᠢ ᠦᠢᠯᠡᠰ ᠤᠨ ᠬᠥᠭᠵᠢᠯᠲᠡ  ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠲᠠᠭᠠᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠤᠭᠤᠳᠴᠦ ᠂ ᠠᠰᠠᠷᠠᠮᠵᠢ ᠶᠢᠨ ᠱᠠᠩᠨᠠᠯᠲᠤ ᠰᠤᠭᠤᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠠᠵᠢᠯ᠂ ᠰᠠᠶᠢᠨ ᠳᠤᠷᠠᠴᠤᠳ ᠤᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠤᠭᠲᠠᠭᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠡᠶᠢᠭᠡᠮ ᠤᠨ ᠠᠵᠢᠯ ᠤᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠲᠤᠷᠠᠴᠤᠳ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃      ᠠᠷᠪᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ