ᠬᠠᠭᠤᠴᠢᠨ ᠪᠠᠷᠭᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/12
     ᠨᠢᠭᠡ  ᠂ ᠤᠯᠤᠰ᠂ ᠦᠪᠡᠷᠳᠡᠭᠡᠨ ᠵᠠᠰᠠᠬᠤ ᠤᠷᠤᠨ᠂  ᠬᠦᠯᠦᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃  ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠤᠯᠪᠤᠭᠳᠠᠯ ᠪᠦᠬᠦᠢ ᠲᠦᠯᠦᠪᠵᠢᠭᠦᠯᠭᠡ ᠶᠢ ᠲᠤᠭᠤᠷᠪᠢᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠲᠦᠷᠢᠮ ᠪᠠ ᠪᠠᠷᠢᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠤᠷᠪᠢᠵᠦ᠂ ᠪᠤᠳᠠᠰ ᠤᠨ ᠭᠦᠢᠯᠭᠡᠭᠡᠨ ᠤ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠤᠷᠪᠢᠬᠤ ᠳᠤ ᠤᠷᠤᠯᠴᠠᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠪᠠ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃  ᠰᠤᠮᠤ ᠪᠠᠯᠭᠠᠰᠤ ᠶᠢ ᠵᠢᠯᠤᠭᠤᠳᠤᠨ ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃      ᠬᠤᠶᠠᠷ᠂ ᠵᠠᠰᠠᠮᠠᠯ ᠵᠠᠮ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠯᠪᠤᠭᠳᠠᠯ ᠪᠦᠬᠦᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ᠂ ᠪᠡᠯᠡ ᠮᠦᠩᠬᠦ ᠵᠢᠴᠢ ᠪᠤᠰᠤᠳ ᠡᠳ᠋ ᠤᠨ ᠵᠠᠰᠠᠭ᠂ ᠭᠠᠵᠠᠷ ᠰᠢᠷᠤᠢ᠂ ᠦᠨ᠎ᠡ ᠬᠠᠩᠰᠢ᠂ ᠮᠦᠩᠭᠦᠨ ᠭᠦᠢᠯᠭᠡᠭᠡᠨ ᠵᠡᠷᠭᠡ ᠲᠠᠯ᠎ᠠ ᠲᠠᠢ ᠬᠤᠯᠪᠤᠭᠳᠠᠭᠰᠠᠨ ᠰᠠᠨᠠᠭᠤᠯᠭ᠎ᠠ ᠶᠢ ᠲᠤᠷᠠᠳᠴᠦ᠂  ᠬᠤᠯᠪᠤᠭᠳᠠᠯ ᠪᠦᠬᠦᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠬᠢᠨᠠᠨ ᠬᠠᠷᠭᠤᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ ᠲᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠱᠠᠭᠠᠷᠳᠠᠨ ᠵᠢᠯᠤᠭᠤᠳᠤᠨ᠎ᠠ᠃ ᠲᠤᠭᠳᠠᠭᠠᠯ ᠶᠤᠰᠤᠭᠠᠷ ᠡᠷᠬᠡ ᠶᠢᠨ ᠬᠡᠪᠴᠢᠶᠡᠨ ᠳᠤ ᠵᠠᠰᠠᠮᠠᠯ ᠵᠠᠮ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠯᠦᠪᠯᠡᠨ ᠬᠢᠨᠠᠨ ᠵᠦᠪᠰᠢᠶᠡᠷᠡᠬᠦ᠂ ᠪᠠᠷᠢᠯᠭ᠎ᠠ ᠡᠬᠢᠯᠡᠭᠦᠯᠬᠦ ᠵᠦᠪᠰᠢᠶᠡᠷᠡᠯ᠂ ᠴᠢᠨᠠᠷ ᠴᠢᠨᠰᠠᠭᠠᠨ ᠤ ᠬᠢᠨᠠᠯᠳᠠ᠂ ᠪᠠᠷᠢᠯᠭ᠎ᠠ ︵ᠲᠠᠭᠤᠰᠬᠠᠬᠤ︶ ᠶᠢ ᠰᠢᠯᠭᠠᠨ ᠬᠤᠷᠢᠶᠠᠬᠤ ᠵᠡᠷᠭᠡ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃  ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠤᠷᠴᠢᠨ ᠲᠤᠭᠤᠷᠢᠨ ᠢ ᠬᠠᠮᠠᠭᠠᠯᠠᠬᠤ ᠡᠨᠧᠷᠬᠢ ᠠᠷᠪᠢᠯᠠᠬᠤ᠂  ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠯᠲᠠ ᠲᠠᠯᠪᠢᠨ ᠵᠢᠯᠤᠭᠤᠳᠤᠨ᠎ᠠ᠃      ᠭᠤᠷᠪᠠ᠂ ᠵᠠᠰᠠᠮᠠᠯ ᠵᠠᠮ ᠤᠰᠤᠨ ᠵᠠᠮ ᠤᠨ ᠬᠠᠮᠢᠶᠠᠷᠤᠨ ᠬᠠᠮᠠᠭᠠᠯᠠᠬᠤ ᠠᠵᠢᠯ ᠢ ᠬᠢᠨᠠᠨ ᠵᠢᠯᠤᠭᠤᠳᠤᠨ᠎ᠠ᠃ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠤᠭᠳᠠᠭᠰᠠᠨ ᠢᠨᠵᠧᠨᠧᠷᠢᠩ ᠤᠨ ᠬᠤᠯᠪᠤᠭᠳᠠᠯ ᠪᠦᠬᠦᠢ ᠵᠦᠢᠯᠡᠰ ᠢ ᠬᠠᠮᠢᠶᠠᠷᠴᠦ᠂ ᠵᠠᠰᠠᠮᠠᠯ ᠵᠠᠮ ᠢ ᠠᠷᠠᠴᠢᠯᠠᠬᠤ᠂ ᠵᠠᠮ ᠤᠨ ᠶᠠᠪᠤᠳᠠᠯ᠂ ᠡᠵᠡᠩᠨᠡᠨ ᠦᠢᠯᠡᠴᠢᠯᠡᠬᠦ ᠵᠡᠷᠭᠡ ᠠᠵᠢᠯ ᠢ ᠵᠢᠯᠤᠭᠤᠳᠤᠨ᠎ᠠ᠃ ᠵᠠᠰᠠᠮᠠᠯ ᠵᠠᠮ ᠢ ᠨᠢᠭᠡᠳᠦᠯᠳᠠᠢ ᠲᠦᠯᠦᠪᠯᠡᠨ ᠲᠤᠬᠢᠷᠠᠭᠤᠯᠬᠤ᠂  ᠵᠠᠮ ᠤᠨ ᠲᠤᠤᠷ ᠢ ᠬᠢᠨᠠᠨ ᠬᠡᠮᠵᠢᠬᠦ ᠠᠵᠢᠯ ᠢ ᠵᠢᠯᠤᠭᠤᠳᠤᠨ᠎ᠠ᠃  ᠬᠦᠳᠡᠭᠡ ᠲᠤᠰᠬᠤᠨ ᠤ ᠵᠠᠰᠠᠮᠠᠯ ᠵᠠᠮ ᠤᠨ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃      ᠲᠦᠷᠪᠡ  ᠂  ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠲᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠰᠢᠭᠤ ᠰᠢᠶᠠᠨ ᠤ ᠵᠠᠮ ᠱᠤᠭᠤᠮ ᠤᠨ ᠠᠶᠠᠨᠴᠢᠳ ᠢ ᠲᠡᠭᠡᠭᠡᠪᠦᠷᠢᠯᠡᠬᠦ ᠶᠢ ᠬᠠᠷᠢᠭᠤᠴᠠᠨ᠂ ᠤᠯᠤᠰ ᠤᠨ ᠵᠠᠮ ᠲᠡᠭᠡᠭᠡᠪᠦᠷᠢ ᠶᠢ ᠬᠠᠮᠵᠢᠯᠴᠠᠨ᠂ ᠠᠭᠠᠷ ᠠᠶᠠᠯᠠᠯ ᠤᠨ ᠵᠠᠮ ᠨᠡᠪᠳᠡᠷᠡᠭᠦᠯᠭᠡ ᠶᠢᠨ ᠨᠦᠬᠦᠴᠡᠯ ᠤᠨ ᠨᠦᠯᠦᠭᠡᠯᠡᠯ ᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃  ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠᠷᠠᠭᠠᠨ ᠤ ᠲᠡᠬᠡᠬᠡᠪᠦᠷᠢ ᠶᠢᠨ ᠲᠠᠯᠠᠪᠠᠢ ᠦᠷᠳᠡᠭᠡᠨ ᠤ ᠡᠵᠡᠩᠨᠡᠯᠲᠡ᠂  ᠮᠠᠰᠢᠨ ᠲᠡᠷᠭᠡ ᠰᠡᠯᠪᠢᠨ ᠵᠠᠰᠠᠬᠤ᠂ ᠡᠵᠡᠩᠨᠡᠵᠦ ᠪᠠᠶᠢᠭ᠎ᠠ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠳᠠᠪᠬᠢ ᠶᠢ ᠪᠠᠶᠢᠴᠠᠭᠠᠨ ᠬᠡᠮᠵᠢᠬᠦ᠂ ᠮᠠᠰᠢᠨ ᠲᠡᠷᠭᠡᠨ ᠤ ᠵᠢᠯᠤᠭᠤᠴᠢ ᠶᠢᠨ ᠪᠤᠯᠪᠠᠰᠤᠷᠠᠯ ᠵᠢᠴᠢ ᠠᠵᠢᠯ ᠡᠷᠬᠢᠯᠡᠭᠰᠡᠳ ᠢ ᠬᠠᠮᠢᠶᠠᠷᠬᠤ ᠵᠡᠷᠭᠡ ᠠᠵᠢᠯ ᠢ ᠬᠢᠨᠠᠨ ᠵᠢᠯᠤᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶᠡᠨ ᠳᠤ ᠲᠡᠷᠭᠡ  ᠪᠤᠯᠵᠤᠬᠤ ᠵᠡᠷᠭᠡ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠳᠠ ᠶᠢ ᠵᠢᠯᠤᠭᠤᠳᠤᠨ᠎ᠠ᠃ ᠤᠩᠭᠤᠴᠠ ᠲᠠᠩᠰᠠᠯᠠᠬᠤ᠂ ᠰᠢᠯᠭᠠᠨ ᠪᠠᠶᠢᠴᠠᠭᠠᠬᠤ ᠪᠠ ᠤᠡᠭᠭᠤᠴᠡᠨ ᠤ ᠠᠵᠢᠯᠳᠠᠨ ᠤ ᠬᠠᠮᠢᠶᠠᠷᠤᠯᠳᠠ ᠵᠡᠷᠭᠡ ᠠᠵᠢᠯ ᠢ  ᠵᠢᠯᠤᠭᠤᠳᠤᠨ᠎ᠠ᠃ ᠡᠷᠬᠡ ᠶᠢᠨ ᠬᠡᠪᠴᠢᠶᠡᠨ ᠳᠤ ᠬᠦᠳᠡᠭᠡ ᠲᠤᠰᠬᠤᠨ ᠤ ᠠᠶᠠᠨᠴᠢᠳ ᠤᠨ ᠦᠷᠳᠡᠭᠡᠨ ᠤ ᠭᠤᠶᠤᠴᠢᠯᠠᠯ ᠢ ᠬᠠᠷᠢᠭᠤᠴᠠᠵᠤ᠂ ᠬᠡᠷᠡᠭᠵᠢᠭᠦᠯᠦᠰᠢᠳᠡᠢ ᠰᠤᠳᠤᠯᠭᠠᠨ ᠤ ᠮᠡᠳᠡᠭᠦᠯᠦᠯᠲᠡ ᠶᠢᠨ ᠠᠩᠬ᠎ᠠ ᠠᠯᠬᠤᠮ ᠤᠨ ᠬᠢᠨᠠᠨ ᠪᠠᠶᠢᠴᠠᠭᠠᠯᠳᠠ᠂  ᠲᠦᠷᠦᠯ ᠵᠦᠢᠯ ᠢ ᠲᠤᠭᠳᠠᠭᠠᠬᠤ ᠪᠠ ᠢᠨᠵᠧᠨᠧᠷᠢᠩ ᠤᠨ ᠪᠠᠷᠢᠯᠭ᠎ᠠ ᠲᠠᠭᠤᠰᠤᠭᠰᠠᠨ ᠤ ᠲᠠᠷᠠᠭ᠎ᠠ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃     ᠲᠠᠪᠤ᠂ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠢ ᠬᠢᠨᠠᠨ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠳᠠ ᠶᠢᠨ ᠲᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠲᠤᠭᠤᠷᠪᠢᠬᠤ ᠶᠢᠨ ᠬᠠᠮᠲᠤ ᠬᠢᠨᠠᠨ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠵᠠᠮ ᠤᠨ ᠲᠤᠤᠷ ᠤᠨ ᠡᠷᠭᠢᠯᠲᠡ ᠶᠢᠨ ᠪᠠᠶᠢᠳᠠᠯ ᠢ ᠬᠢᠨᠠᠨ ᠬᠡᠮᠵᠢᠨ ᠵᠠᠳᠠᠯᠵᠦ᠂ ᠬᠤᠯᠪᠤᠭᠳᠠᠯ ᠪᠦᠬᠦᠢ ᠰᠤᠷᠠᠭ ᠵᠠᠩᠬᠢ ᠶᠢ ᠨᠡᠶᠢᠳᠡᠯᠡᠨ᠎ᠡ᠃  ᠤᠰᠤᠨ ᠲᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ ᠬᠠᠭᠤᠴᠢᠨ ᠪᠠᠷᠭᠤ ᠬᠤᠰᠢᠭᠤᠨ ᠤ ᠭᠤᠤᠯᠳᠠᠯᠭ᠎ᠠ ᠲᠠᠢ ᠪᠤᠳᠠᠰ᠂ ᠪᠠᠴᠢᠮ ᠠᠶᠠᠨᠴᠢᠳ ᠪᠠᠷᠠᠭᠠᠨ ᠤ ᠲᠡᠭᠡᠭᠡᠪᠦᠷᠢ ᠶᠢ ᠲᠤᠬᠢᠷᠠᠭᠤᠯᠬᠤ ᠶᠢ ᠬᠠᠷᠢᠭᠤᠴᠠᠨ᠎ᠠ᠃     ᠵᠢᠷᠭᠤᠭ᠎ᠠ  ᠂ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠤᠭᠤᠳᠤᠨ᠎ᠠ᠃  ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠠᠵᠢᠯ ᠲᠦᠷᠦᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂  ᠵᠦᠪᠰᠢᠶᠡᠷᠡᠯ ᠵᠡᠷᠭᠡ ᠠᠵᠢᠯ ᠢ ᠡᠭᠦᠷᠭᠡᠯᠡᠨ᠎ᠡ᠃  ᠴᠢᠬᠤᠯᠠ ᠶᠡᠭᠡ ᠬᠡᠷᠡᠭ ᠵᠠᠷᠭᠤ ᠶᠢ ᠪᠠᠶᠢᠴᠠᠭᠠᠬᠤ ᠶᠢ ᠵᠤᠬᠢᠶᠠᠨ ᠪᠠᠶᠢᠭᠤᠯᠬᠤ ᠪᠠ ᠵᠠᠰᠠᠭ ᠵᠠᠬᠢᠷᠭᠠᠨ ᠤ ᠤᠷᠤᠨ ᠪᠦᠰᠡ ᠶᠢ ᠠᠯᠤᠰᠯᠠᠨ ᠬᠠᠤᠯᠢ ᠬᠡᠷᠡᠭᠵᠢᠭᠦᠯᠵᠦ᠂ ᠲᠤᠭᠳᠠᠭᠰᠠᠨ ᠬᠠᠮᠢᠶᠠᠷᠬᠤ ᠬᠡᠷᠡᠭ ᠵᠠᠷᠭᠤ ᠶᠢ ᠡᠷᠬᠢᠯᠡᠨ ᠭᠦᠢᠴᠡᠳᠭᠡᠨ᠎ᠡ᠃     ᠲᠤᠯᠤᠭ᠎ᠠ  ᠂ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠨ ᠲᠡᠯᠭᠡᠷᠡᠭᠦᠯᠬᠦ ᠶᠢ ᠵᠢᠯᠤᠭᠤᠳᠴᠦ᠂  ᠰᠤᠷᠠᠭ ᠵᠠᠩᠬᠢᠴᠢᠯᠠᠯᠲᠠ᠂  ᠪᠠᠷᠢᠮᠵᠢᠶᠠᠵᠢᠭᠰᠠᠨ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠦᠭᠡᠷᠡᠴᠢᠯᠡᠯᠲᠡ ᠶᠢᠨ ᠠᠵᠢᠯ ᠪᠠ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠵᠢᠯᠤᠭᠤᠳᠤᠨ᠎ᠠ᠃     ᠨᠠᠢᠮᠠ᠂ ᠠᠵᠢᠯ ᠲᠦᠷᠦᠯ ᠤᠨ ᠴᠡᠷᠢᠭ ᠠᠷᠠᠳ ᠤᠨ ᠠᠭᠤᠰᠤᠯᠴᠠᠭᠤᠯᠬᠤ ᠠᠵᠢᠯ ᠢ ᠡᠭᠦᠷᠭᠡᠯᠡᠨ᠎ᠡ᠃  ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠴᠠᠭᠤᠯᠤᠨ᠂ ᠴᠡᠷᠢᠭ ᠤᠨ ᠶᠠᠪᠤᠳᠠᠯ ᠤᠨ ᠠᠵᠢᠯᠯᠠᠭ᠎ᠠ ᠪᠠ ᠠᠶᠤᠯ ᠠᠴᠠ ᠵᠠᠪᠳᠤᠨ ᠠᠪᠤᠷᠠᠬᠤ ᠭᠠᠮᠰᠢᠭ ᠠᠴᠠ ᠠᠪᠤᠷᠠᠬᠤ ᠵᠠᠮ ᠬᠠᠷᠢᠯᠴᠠᠭᠠᠨ ᠤ ᠪᠠᠳᠤᠯᠠᠭ᠎ᠠ ᠶᠢ ᠵᠤᠬᠢᠶᠠᠨ ᠪᠠᠶᠢᠭᠤᠯᠵᠦ᠂ ᠪᠦᠬᠦ ᠬᠤᠰᠢᠭᠤᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠵᠠᠮ ᠬᠠᠷᠢᠯᠴᠠᠭᠠᠨ ᠤ ᠠᠵᠢᠯ ᠢ ᠬᠢᠨᠠᠨ ᠵᠢᠯᠤᠭᠤᠳᠤᠨ᠎ᠠ᠃     ᠶᠢᠰᠦ᠂ ᠣᠡᠭᠭᠤᠴᠡ᠂ ᠬᠦᠪᠪᠦᠮᠡᠯ ᠲᠦᠬᠦᠭᠡᠷᠦᠮᠵᠢ ᠶᠢᠨ ᠠᠶᠠᠯᠠᠯ᠂  ᠵᠤᠭᠰᠤᠭᠠᠯ᠂ ᠠᠵᠢᠯᠯᠠᠬᠤ ᠠᠮᠤᠷ ᠲᠦᠪᠰᠢᠨ ᠤ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠦ᠂ ᠠᠶᠠᠯᠠᠯ ᠤᠨ ᠡᠮᠬᠢ ᠲᠢᠭᠯᠢᠮ ᠢ ᠬᠠᠮᠠᠭᠠᠯᠠᠨ᠂ ᠤᠡᠭᠭᠤᠴᠠ᠂ ᠬᠦᠪᠪᠦᠮᠡᠯ ᠲᠦᠬᠦᠭᠡᠷᠦᠮᠵᠢ᠂ ᠠᠵᠢᠯᠳᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠨ᠎ᠡ᠃  ᠬᠠᠷᠢᠶᠠᠲᠤ ᠤᠷᠤᠨ ᠤ ᠤᠡᠭᠭᠤᠴᠡ ᠶᠢ ᠳᠠᠩᠰᠠᠯᠠᠬᠤ᠂ ᠪᠠᠶᠢᠴᠠᠭᠠᠬᠤ᠂  ᠠᠵᠢᠯᠳᠠᠨ ᠤ ᠰᠢᠯᠭᠠᠯᠳᠠ᠂ ᠦᠨᠡᠮᠯᠡᠯ ᠲᠠᠷᠬᠠᠭᠠᠬᠤ ᠶᠢᠨ ᠠᠩᠬᠠᠨ ᠤ ᠬᠢᠨᠠᠯᠲᠠ ᠶᠢ ᠬᠠᠷᠢᠭᠤᠴᠠᠨ᠎ᠠ᠃ ᠬᠠᠷᠢᠶᠠᠲᠤ ᠤᠷᠤᠨ ᠤ ᠤᠡᠭᠭᠤᠴᠨ ᠳᠤ ᠠᠮᠤᠷ ᠲᠦᠪᠰᠢᠨ ᠤ ᠪᠠᠶᠢᠴᠠᠭᠠᠯᠳᠠ ᠪᠠ ᠲᠤᠬᠠᠢ ᠶᠢᠨ ᠲᠠᠯᠠᠪᠤᠷ ᠤᠨ ᠬᠢᠨᠠᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ ᠠᠶᠠᠯᠠᠯ ᠢ ᠬᠢᠵᠠᠭᠠᠷᠯᠠᠬᠤ ᠤᠷᠤᠨ᠂ ᠠᠶᠠᠯᠠᠯ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠤᠷᠤᠨ᠂ ᠤᠡᠭᠭᠤᠴᠡᠨ ᠵᠤᠭᠰᠤᠭᠠᠯ᠂ ᠠᠮᠤᠷ ᠲᠦᠪᠰᠢᠨ ᠠᠵᠢᠯᠯᠠᠬᠤ ᠤᠷᠤᠨ᠂ ᠠᠵᠢᠯᠯᠠᠬᠤ ᠤᠷᠤᠨ ᠬᠡᠪᠴᠢᠶᠡᠨ ᠤ ᠲᠤᠬᠠᠢ ᠶᠢᠨ ᠲᠠᠯᠠᠪᠤᠷ ᠤᠨ ᠠᠶᠤᠯᠭᠦᠢ ᠶᠢᠨ ᠬᠢᠨᠠᠯᠲᠠ ᠪᠠ ᠡᠮᠬᠢ ᠲᠢᠭᠯᠢᠮ ᠤᠨ ᠬᠠᠮᠢᠶᠠᠷᠤᠯᠲᠠ ᠶᠢ ᠬᠠᠷᠢᠭᠤᠴᠠᠨ᠎ᠠ᠃  ᠬᠠᠷᠢᠶᠠᠲᠤ ᠤᠷᠤᠨ ᠤ ᠤᠡᠭᠭᠤᠴᠠᠨ ᠤ ᠤᠰᠤᠨ ᠵᠠᠮ ᠤᠨ ᠲᠡᠭᠡᠭᠡᠪᠦᠷᠢ ᠶᠢᠨ ᠬᠢᠨᠠᠨ ᠬᠠᠮᠢᠶᠠᠷᠤᠯᠲᠠ᠂ ᠭᠠᠷᠠᠮ ᠤᠨ ᠤᠡᠭᠭᠤᠴᠡ ᠳᠤ ᠬᠢᠨᠠᠯᠲᠠ ᠲᠠᠯᠪᠢᠬᠤ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠡᠭᠭᠤᠴᠡ ᠤᠰᠤᠨ ᠤ ᠤᠷᠤᠨ ᠢ ᠪᠤᠬᠢᠷᠳᠤᠭᠤᠯᠬᠤ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠠᠷᠪᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ