ᠬᠠᠭᠤᠴᠢᠨ ᠪᠠᠷᠭᠤ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/12
      ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠡᠳ᠋ ᠤᠨ ᠵᠠᠰᠠᠭ ᠤᠨ ᠭᠠᠶᠢᠯᠢ ᠶᠢᠨ ᠠᠵᠢᠯ ᠤᠨ ᠬᠠᠤᠯᠢ ᠴᠠᠭᠠᠵᠨ ᠬᠠᠤᠯᠢ ᠲᠦᠷᠢᠮ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠡᠳ᠋ ᠤᠨ ᠵᠠᠰᠠᠭ ᠤᠨ ᠭᠠᠶᠢᠯᠢ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠦᠯᠤᠪᠵᠢᠬᠦᠯᠭᠡ᠂ ᠲᠦᠷᠤ ᠶᠢᠨ ᠪᠤᠳᠤᠯᠭ᠎ᠠ ᠪᠠ ᠦᠭᠡᠷᠡᠴᠢᠯᠡᠯᠳᠡ ᠶᠢᠨ ᠲᠦᠰᠤᠯ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠬᠤᠷᠸ᠎ᠠ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠢᠱᠢᠭᠰᠡᠨ ᠬᠠᠷᠠᠯᠲᠡ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ ᠲᠤᠭᠳᠠᠭᠠᠵᠤ᠂ ᠡᠳ᠋ ᠤᠨ ᠵᠠᠰᠠᠭ ᠤᠨ ᠭᠠᠶᠢᠯᠢ ᠶᠢᠨ ᠲᠦᠷᠤ ᠶᠢᠨ ᠪᠤᠳᠤᠯᠭ᠎ᠠ ᠶᠢ ᠬᠡᠷᠩᠯᠡᠨ ᠬᠤᠷᠸ᠎ᠠ ᠲᠤᠬᠢᠷᠠᠭᠤᠯᠭ᠎ᠠ ᠶᠢᠨ ᠡᠵᠡᠮᠳᠡᠯ ᠪᠠ  ᠶᠡᠷᠤᠩᠬᠡᠶᠢᠯᠡᠨ ᠲᠡᠩᠴᠡᠷᠢᠰᠢᠬᠦᠯᠬᠦ ᠲᠦᠰᠤᠪ ᠤᠨ ᠠᠷᠭ᠎ᠠ ᠠᠪᠴᠠᠯ  ᠬᠡᠷᠩᠵᠢᠬᠦᠯᠬᠦ ᠰᠠᠨᠠᠯ ᠲᠤᠷᠠᠳᠤᠨ ᠭᠠᠷᠭᠠᠨ᠎ᠠ᠃ ᠡᠳ᠋ ᠤᠨ ᠵᠠᠰᠠᠭ ᠤᠨ ᠲᠤᠭᠳᠠᠴᠠ ᠶᠢᠨ ᠡᠷᠬᠢᠯᠲᠡ ᠶᠢᠨ ᠪᠠᠶᠢᠳᠠᠯ ᠢ ᠵᠠᠳᠠᠯᠤᠨ ᠰᠤᠳᠤᠯᠴᠦ᠂ ᠲᠦᠰᠤᠪ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠲᠦᠷᠢᠮ ᠢ ᠲᠤᠭᠳᠠᠭᠠᠨ᠎ᠠ᠃       ᠬᠤᠶᠡᠷ᠂ ᠬᠤᠰᠢᠭᠤᠨ ᠤ ᠲᠤᠰ ᠱᠠᠳᠤᠨ ᠤ ᠡᠯ᠎ᠡ ᠲᠦᠷᠤᠯ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ  ᠶᠢᠨ ᠬᠠᠮᠢᠶᠠᠷᠤᠯᠲᠡ ᠶᠢ ᠬᠠᠷᠢᠭᠤᠴᠠᠨ᠎ᠠ᠃ ᠤᠨ ᠤ ᠪᠦᠬᠦ ᠬᠤᠰᠢᠭᠤᠨ ᠤ ᠲᠦᠰᠤᠪ  ᠪᠠ ᠲᠦᠰᠤᠪ ᠤᠨ ᠬᠦᠢᠴᠡᠤᠨᠬᠡᠯ ᠢ ᠨᠠᠶᠢᠷᠠᠭᠤᠯᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠲᠦᠰᠤᠪ  ᠪᠠ ᠲᠦᠰᠤᠪ ᠤᠨ ᠬᠦᠢᠴᠡᠤᠨᠬᠡᠯ ᠢ ᠬᠢᠨᠠᠨ ᠬᠠᠷᠭᠤᠭᠤᠯᠬᠤ ᠶᠢᠨ ᠬᠠᠮᠳᠤ ᠬᠤᠷᠢᠶᠠᠩᠭᠤᠶᠢᠯᠠᠨ ᠨᠠᠶᠢᠷᠠᠭᠤᠯᠤᠨ᠎ᠠ᠃ ᠬᠤᠰᠢᠭᠤᠨ ᠤ ᠲᠤᠰ ᠱᠠᠳᠤᠨ ᠤ ᠵᠠᠷᠤᠯᠭ᠎ᠠ ᠤᠨ ᠪᠠᠷᠢᠮᠵᠢᠶ᠎ᠠ᠂ ᠲᠤᠭᠲᠠᠭᠰᠠᠨ ᠨᠤᠷᠮ᠎ᠠ ᠶᠢ ᠵᠤᠬᠢᠶᠠᠨ ᠪᠠᠶᠢᠭᠤᠯᠤᠨ ᠲᠤᠭᠳᠠᠭᠠᠵᠤ᠂ ᠰᠠᠯᠠᠭ᠎ᠠ ᠮᠦᠴᠢᠷ ︵ᠨᠢᠭᠡᠴᠡ︶  ᠤᠨ ᠤᠨ ᠤ ᠲᠦᠰᠤᠪ ᠪᠠ ᠲᠦᠰᠤᠪ ᠤᠨ ᠬᠦᠢᠴᠡᠤᠨᠬᠡᠯ ᠢ ᠬᠢᠨᠠᠨ ᠬᠠᠷᠭᠤᠭᠤᠯᠤᠨ ᠴᠤᠬᠤᠯᠠᠪᠤᠷᠢᠯᠠᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠬᠤᠰᠢᠭᠤᠨ ᠤ ᠠᠷᠠᠤᠨ ᠤᠨ ᠲᠦᠯᠤᠭᠡᠯᠡᠭᠴᠢᠤᠨ ᠤ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠳᠤ ᠡᠳ᠋ ᠤᠨ ᠵᠠᠰᠠᠭ ᠤᠨ ᠲᠦᠰᠤᠪ᠂ ᠬᠡᠷᠩᠵᠢᠬᠦᠯᠤᠭ᠍ᠰᠡᠨ ᠪᠠ ᠲᠦᠰᠤᠪ ᠤᠨ ᠬᠦᠢᠴᠡᠤᠨᠬᠡᠯ ᠵᠡᠷᠭᠡ ᠪᠠᠶᠢᠳᠠᠯ ᠤᠨ ᠮᠡᠳᠡᠬᠦᠯᠤᠯᠳᠡ ᠬᠢᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠬᠤ ᠰᠠᠭᠤᠷᠢ ᠮᠦᠩᠬᠦ᠂ ᠬᠤᠰᠢᠭᠤ ᠡᠳ᠋ ᠤᠨ ᠵᠠᠰᠠᠭ ᠤᠨ ᠪᠡᠯᠡ ᠤᠷᠤᠭᠤᠯᠤᠭᠰᠠᠨ ᠡᠳ᠋ ᠬᠦᠷᠤᠩᠭᠡ ᠶᠢᠨ ᠬᠠᠮᠢᠶᠠᠷᠤᠯᠲᠡ ᠶᠢ ᠬᠠᠷᠢᠭᠤᠴᠠᠨ᠎ᠠ᠃ ᠬᠤᠰᠢᠭᠤᠨ ᠤ ᠲᠤᠰ ᠱᠠᠳᠤᠨ ᠤ ᠲᠦᠰᠤᠪ ᠪᠠ ᠲᠦᠰᠤᠪ ᠤᠨ ᠬᠦᠢᠴᠡᠤᠨᠬᠡᠯ ᠢ ᠢᠯᠡ ᠪᠤᠯᠭᠠᠬᠤ ᠶᠢ ᠬᠠᠷᠢᠭᠤᠴᠠᠨ᠎ᠠ᠃       ᠭᠤᠷᠪᠠ᠂ ᠠᠵᠢᠯ ᠤᠨ ᠬᠤᠪᠢᠶᠠᠷᠢᠯᠠᠯ ᠢᠶᠠᠷ ᠵᠠᠰᠠᠭ ᠤᠨ ᠤᠷᠳᠤᠨ ᠤ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠲᠡ ᠶᠢ ᠬᠠᠷᠢᠭᠤᠴᠠᠨ᠎ᠠ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠬᠠᠮᠢᠶᠠᠷᠤᠯᠲᠡ ᠶᠢ ᠬᠠᠷᠢᠭᠤᠴᠠᠵᠤ᠂ ᠵᠠᠰᠠᠭ ᠵᠠᠬᠢᠷᠭᠠᠨ ᠤ  ᠠᠵᠢᠯ ᠦᠢᠯᠡᠰ ᠤᠨ ᠴᠢᠨᠠᠷᠳᠠᠢ ᠰᠦᠢᠤᠨᠬᠡᠯ ᠬᠤᠷᠢᠶᠠᠬᠤ ᠶᠢ ᠲᠤᠭᠳᠠᠭᠠᠯ ᠶᠤᠰᠤᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠭᠡᠷᠡᠴᠢ ᠪᠠᠷᠢᠮᠳ᠋ᠨ ᠶᠢ ᠬᠠᠮᠢᠶᠠᠷᠤᠨ᠎ᠠ᠃ ᠦᠩᠭᠡᠳᠤ ᠰᠤᠭᠤᠯᠠᠭ᠎ᠠ ᠶᠢᠨ ᠬᠠᠮᠢᠶᠠᠷᠤᠯᠳᠠ ᠶᠢᠨ ᠬᠠᠮᠢᠶ᠎ᠠ ᠪᠦᠬᠦᠢ ᠠᠷᠭ᠎ᠠ ᠠᠪᠴᠠᠯ ᠢ ᠲᠤᠭᠤᠷᠪᠢᠨ ᠲᠤᠭᠳᠠᠭᠠᠵᠤ᠂ ᠦᠩᠭᠡᠳᠤ ᠰᠤᠭᠤᠯᠠᠭ᠎ᠠ ᠶᠢᠨ ᠵᠠᠬ᠎ᠠ ᠲᠡᠯᠭᠡᠬᠦᠷ ᠢ ᠬᠢᠨᠠᠨ ᠬᠠᠮᠢᠶᠠᠷᠴᠦ᠂ ᠲᠤᠭᠳᠠᠭᠠᠯ ᠶᠤᠰᠤᠭᠠᠷ ᠦᠩᠭᠡᠳᠤ ᠰᠤᠭᠤᠯᠠᠭ᠎ᠠ ᠶᠢᠨ ᠪᠡᠯᠡ ᠮᠦᠩᠬᠦ ᠶᠢ ᠬᠠᠮᠢᠶᠠᠷᠤᠨ᠎ᠠ᠃       ᠲᠦᠷᠪᠡ᠂ ᠤᠯᠤᠰ ᠤᠨ ᠬᠦᠮᠤᠷᠭᠡ ᠶᠢᠨ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠤᠯᠤᠰ ᠤᠨ ᠬᠦᠮᠤᠷᠭᠡ ᠶᠢᠨ ᠬᠠᠮᠢᠶᠠᠷᠤᠯᠲᠡ ᠶᠢᠨ ᠲᠦᠷᠢᠮ᠂ ᠤᠯᠤᠰ ᠤᠨ ᠬᠦᠮᠤᠷᠭᠡ ᠶᠢᠨ ᠲᠦᠪᠯᠡᠷᠡᠬᠦᠯᠤᠨ ᠬᠤᠷᠢᠶᠠᠵᠤ ᠲᠤᠰᠢᠶᠠᠬᠤ ᠲᠦᠷᠢᠮ ᠢ ᠵᠤᠬᠢᠶᠠᠨ ᠪᠠᠶᠢᠭᠤᠯᠤᠨ ᠲᠤᠭᠳᠠᠭᠠᠵᠤ᠂ ᠪᠦᠬᠦ ᠬᠤᠰᠢᠭᠤᠨ ᠤ ᠤᠯᠤᠰ ᠤᠨ ᠬᠦᠮᠤᠷᠭᠡ ᠶᠢᠨ ᠲᠤᠬᠠᠶᠢᠯᠠᠭᠰᠠᠨ ᠠᠵᠢᠯ ᠢ ᠵᠢᠭᠠᠨ ᠵᠢᠯᠤᠭᠤᠤᠨᠬᠤ ᠪᠠ ᠬᠢᠨᠠᠨ ᠬᠠᠮᠢᠶᠠᠷᠤᠨ᠎ᠠ᠃ ᠤᠯᠤᠰ ᠤᠨ ᠬᠦᠮᠤᠷᠭᠡ ᠶᠢᠨ ᠪᠡᠯᠡᠨ ᠮᠦᠩᠬᠦ ᠶᠢᠨ ᠬᠠᠮᠢᠶᠠᠷᠤᠯᠲᠡ ᠶᠢᠨ ᠠᠵᠢᠯ ᠢ ᠦᠷᠨᠢᠬᠦᠯᠵᠤ᠂ ᠵᠠᠰᠠᠭ ᠤᠨ ᠤᠷᠳᠤᠨ ᠤ ᠡᠳ᠋ ᠤᠨ ᠶᠠᠪᠤᠳᠠᠯ ᠤᠨ ᠮᠡᠳᠡᠬᠦᠯᠤᠯᠳᠡ ᠶᠢᠨ  ᠨᠠᠶᠢᠷᠠᠭᠤᠯᠬᠤ ᠶᠢ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃  ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠢᠮ ᠢ ᠵᠤᠬᠢᠶᠠᠨ ᠪᠠᠶᠢᠭᠤᠯᠤᠨ ᠬᠡᠷᠩᠵᠢᠬᠦᠯᠬᠦ ᠶᠢᠨ ᠬᠠᠮᠳᠤ ᠬᠢᠨᠠᠨ ᠬᠠᠮᠢᠶᠠᠷᠤᠨ᠎ᠠ᠃        ᠲᠠᠪᠤ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡᠨ ᠤ ᠬᠠᠮᠢᠶᠠᠷᠤᠯᠲᠡ ᠶᠢᠨ ᠠᠵᠢᠯ ᠢ  ᠬᠠᠷᠢᠭᠤᠴᠠᠨ᠎ᠠ᠃ ᠪᠦᠬᠦ ᠬᠤᠰᠢᠭᠤᠨ ᠤ  ᠬᠠᠮᠢᠶᠠᠷᠤᠯᠲᠡ ᠶᠢᠨ ᠲᠦᠷᠢᠮ ᠪᠠ ᠠᠷᠭ᠎ᠠ ᠠᠪᠴᠠᠯ ᠢ ᠬᠠᠤᠯᠢ ᠶᠤᠰᠤᠭᠠᠷ ᠲᠤᠭᠤᠷᠪᠢᠨ ᠲᠤᠭᠳᠠᠭᠠᠨ᠎ᠠ᠃  ᠲᠦᠭᠰᠢᠬᠦᠷᠢ ᠶᠢᠨ ᠬᠢᠨᠠᠨ ᠡᠵᠡᠮᠳᠡᠬᠦ᠂ ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡᠨ ᠤ ᠵᠠᠰᠠᠭ ᠤᠨ ᠤᠷᠳᠤᠨ ᠤ ᠭᠠᠳᠠᠭᠠᠳᠤ ᠦᠷᠢ ᠶᠢᠨ ᠬᠤᠯᠪᠤᠭᠳᠠᠯ ᠪᠦᠬᠦᠢ ᠠᠵᠢᠯ ᠢ ᠨᠢᠭᠡᠳᠤᠯᠳᠠᠢ ᠬᠠᠮᠢᠶᠠᠷᠬᠤ ᠶᠢ ᠬᠠᠷᠢᠭᠤᠴᠠᠨ᠎ᠠ᠃         ᠵᠢᠷᠭᠤᠭ᠎ᠠ᠂  ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠠᠯᠳᠦ ᠡᠳ᠋ ᠬᠦᠷᠤᠩᠭᠡ ᠶᠢᠨ ᠬᠠᠮᠢᠶᠠᠷᠤᠯᠲᠡ ᠤᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠬᠠᠮᠢᠶᠠᠷᠤᠯᠲᠡ ᠶᠢᠨ ᠪᠠᠶᠢᠳᠠᠯ ᠤᠨ ᠮᠡᠳᠡᠬᠦᠯᠤᠯᠲᠡ ᠶᠢ ᠲᠠᠭᠠᠭᠤᠯᠤᠨ ᠨᠠᠶᠢᠷᠠᠭᠤᠯᠤᠨ᠎ᠠ᠃ ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠬᠤᠰᠢᠭᠤᠨ ᠤ ᠲᠤᠰ ᠱᠠᠳᠤᠨ ᠤ ᠤᠯᠤᠰ ᠤᠨ ᠦᠮᠴᠢᠯᠠᠯᠳᠤ ᠮᠦᠩᠬᠦᠨ ᠬᠦᠢᠯᠭᠡᠭᠡᠨ ᠤ ᠬᠦᠷᠤᠩᠭᠡ ᠶᠢᠨ ᠪᠡᠯᠡ ᠤᠷᠤᠯᠠᠭᠴᠢ ᠶᠢᠨ ᠡᠬᠦᠷᠭᠡ ᠬᠠᠷᠢᠭᠤᠴᠠᠯᠭ᠎ᠠ ᠶᠢ ᠲᠦᠪᠯᠡᠷᠡᠬᠦᠯᠤᠨ ᠨᠢᠭᠡᠳᠤᠯᠳᠠᠢ ᠬᠦᠢᠴᠡᠤᠨᠬᠡᠵᠤ᠂ ᠤᠯᠤᠰ ‍ᠤᠨ‌ᠦᠮᠴᠢᠯᠠᠯᠳᠤ ᠮᠦᠩᠬᠦᠨ ᠬᠦᠢᠯᠭᠡᠭᠡᠨ ᠤ ᠬᠦᠷᠤᠩᠭᠡ ᠶᠢᠨ ᠮᠡᠳᠡᠬᠦᠯᠤᠯᠳᠡ ᠵᠢᠨ‌‍ᠲ᠋ᠦ᠋ᠷᠢᠮ ᠢ ᠪᠠᠶᠢᠭᠤᠯᠤᠨ᠎ᠠ᠃ ᠤᠯᠤᠰ ᠤᠨ ᠦᠮᠴᠢᠯᠠᠯᠳᠤ ᠮᠦᠩᠬᠦᠨ ᠬᠦᠢᠯᠭᠡᠭᠡᠨ ᠤ ᠬᠦᠷᠤᠩᠭᠡ ᠶᠢᠨ ᠬᠠᠮᠢᠶᠠᠷᠤᠯᠲᠡ ᠶᠢᠨ ᠲᠦᠷᠢᠮ ᠲᠤᠭᠳᠠᠭᠠᠯ ᠪᠠ ᠡᠳ᠋ ᠤᠨ ᠵᠠᠰᠠᠭ ᠤᠨ ᠮᠦᠩᠬᠦᠨ ᠬᠦᠢᠯᠭᠡᠭᠡᠨ ᠲᠠᠢ ᠵᠤᠬᠢᠴᠠᠯᠳᠤᠨ ᠬᠠᠮᠵᠢᠯᠴᠠᠬᠤ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠤ᠂ ᠵᠠᠰᠠᠭ ᠤᠨ ᠤᠷᠳᠤᠨ ᠪᠠ ᠨᠡᠶᠢᠭᠡᠮ ᠤᠨ ᠬᠦᠷᠤᠩᠭᠡ ᠶᠢᠨ ᠬᠤᠷᠰᠢᠬᠤ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠬᠠᠮᠢᠶᠠᠷᠤᠯᠲᠡ ᠶᠢᠨ ᠲᠦᠷᠢᠮ ᠲᠤᠭᠳᠠᠭᠠᠯ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠵᠦ᠂ ᠬᠤᠰᠢᠭᠤᠨ ᠤ ᠲᠤᠰ ᠱᠠᠳᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢ ᠲᠤᠭᠳᠠᠭᠠᠯ ᠶᠤᠰᠤᠭᠠᠷ ᠬᠠᠮᠢᠶᠠᠷᠤᠨ᠎ᠠ᠃         ᠲᠤᠯᠤᠭ᠎ᠠ᠂ ᠬᠤᠰᠢᠭᠤᠨ ᠤ ᠲᠤᠰ ᠱᠠᠳᠤᠨ ᠤ ᠤᠯᠠᠰ ᠤᠨ ᠦᠮᠴᠢᠯᠠᠯᠳᠤ ᠬᠦᠷᠤᠩᠭᠡ ᠶᠢᠨ ᠡᠵᠩᠨᠡᠯᠲᠡ ᠶᠢᠨ ᠲᠦᠰᠤᠪ ᠪᠠ ᠲᠦᠰᠤᠪ ᠤᠨ ᠬᠦᠢᠴᠡᠤᠨᠬᠡᠯ ᠤᠨ ᠠᠵᠢᠯ ᠢ ᠬᠠᠷᠢᠭᠤᠴᠠᠨ᠎ᠠ᠃ ᠬᠤᠰᠢᠭᠤᠨ ᠤ ᠲᠤᠰ ᠱᠠᠳᠤᠨ ᠤ ᠤᠯᠤᠰ ᠤᠨ ᠬᠦᠷᠤᠩᠭᠡ ᠶᠢᠨ ᠡᠵᠡᠩᠨᠡᠯᠲᠡ ᠶᠢᠨ ᠲᠦᠰᠤᠪ ᠪᠠ ᠲᠦᠰᠤᠪ ᠤᠨ ᠬᠦᠢᠴᠡᠤᠨᠬᠡᠯ ᠤᠨ ᠲᠦᠰᠤᠯ ᠢ ᠬᠢᠨᠠᠨ ᠬᠠᠷᠭᠤᠭᠤᠯᠬᠤ ᠶᠢᠨ ᠬᠠᠮᠳᠤ ᠬᠤᠷᠢᠶᠠᠩᠭᠤᠶᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠤᠯᠤᠰ ᠤᠨ ᠦᠮᠴᠢᠯᠠᠯᠳᠤ ᠬᠦᠷᠤᠩᠭᠡ ᠶᠢᠨ ᠡᠵᠩᠨᠡᠯᠲᠡ ᠶᠢᠨ ᠲᠦᠰᠤᠪ ᠤᠨ ᠲᠦᠷᠢᠮ ᠪᠠ ᠠᠷᠭ᠎ᠠ ᠠᠪᠴᠠᠯ ᠢ ᠵᠤᠬᠢᠶᠠᠨ ᠪᠠᠶᠢᠭᠤᠯᠤᠨ ᠬᠡᠷᠩᠵᠢᠬᠦᠯᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ  ᠲᠠᠢ ᠬᠠᠮᠵᠢᠯᠴᠠᠨ  ᠬᠤᠰᠢᠭᠤᠨ ᠤ ᠲᠤᠰ ᠱᠠᠳᠤᠨ ᠤ ᠠᠵᠤ ᠠᠬᠤᠶᠢᠯᠠᠯ ᠤᠯᠤᠰ ᠤᠨ ᠦᠮᠴᠢᠯᠠᠯᠳᠤ ᠬᠦᠷᠤᠩᠭᠡ ᠶᠢᠨ ᠦᠷ᠎ᠠ ᠠᠰᠢᠭ ᠢ ᠬᠤᠷᠢᠶᠠᠨ ᠠᠪᠤᠨ᠎ᠠ᠃        ᠨᠠᠢᠮᠠ᠂ ᠨᠡᠶᠢᠭᠡᠮ ᠤᠨ ᠲᠠᠭᠠᠤᠨᠬᠠᠯ ᠤᠨ ᠰᠠᠭᠤᠷᠢ ᠮᠦᠩᠬᠦ ᠶᠢᠨ ᠲᠦᠰᠤᠪ ᠪᠠ ᠲᠦᠰᠤᠪ ᠤᠨ ᠬᠦᠢᠴᠡᠤᠨᠬᠡᠯ ᠤᠨ ᠠᠵᠢᠯ ᠢ ᠬᠠᠷᠢᠭᠤᠴᠠᠨ᠎ᠠ᠃ ᠬᠠᠭᠤᠴᠢᠨ ᠪᠠᠷᠭᠤ ᠬᠤᠰᠢᠭᠤᠨ ᠤ ᠨᠡᠶᠢᠭᠡᠮ ᠤᠨ ᠲᠠᠭᠠᠤᠨᠬᠠᠯ ᠤᠨ ᠰᠠᠭᠤᠷᠢ ᠮᠦᠩᠬᠦᠨ ᠤ ᠲᠦᠰᠤᠪ ᠪᠠ ᠲᠦᠰᠤᠪ ᠤᠨ ᠬᠦᠢᠴᠡᠤᠨᠬᠡᠯ ᠤᠨ ᠲᠦᠰᠤᠯ ᠢ ᠬᠢᠨᠠᠨ ᠬᠠᠷᠭᠤᠭᠤᠯᠬᠤ ᠶᠢᠨ ᠬᠠᠮᠳᠤ ᠬᠤᠷᠢᠶᠠᠩᠭᠤᠶᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤ ᠬᠠᠮᠢᠶ᠎ᠠ ᠪᠦᠬᠦᠢ ᠪᠡᠯᠡ ᠮᠦᠩᠬᠦ ︵ᠰᠠᠭᠤᠷᠢ ᠮᠦᠩᠬᠦ ︶  ᠶᠢᠨ ᠡᠳ᠋ ᠤᠨ ᠶᠠᠪᠤᠳᠠᠯ ᠤᠨ ᠬᠠᠮᠢᠶᠠᠷᠤᠯᠲᠡ ᠶᠢᠨ ᠲᠦᠷᠢᠮ ᠢ ᠲᠤᠭᠤᠷᠪᠢᠨ ᠲᠤᠭᠳᠠᠭᠠᠵᠤ᠂ ᠨᠡᠶᠢᠭᠡᠮ ᠤᠨ ᠲᠠᠭᠠᠤᠨᠬᠠᠯ ᠤᠨ ᠰᠠᠭᠤᠷᠢ ᠮᠦᠩᠬᠦ ᠶᠢᠨ ᠡᠳ᠋ ᠤᠨ ᠵᠠᠰᠠᠭ ᠤᠨ ᠬᠢᠨᠠᠨ ᠬᠠᠮᠢᠶᠠᠷᠤᠯᠲᠡ ᠶᠢᠨ ᠠᠵᠢᠯ ᠢ ᠡᠬᠦᠷᠭᠡᠯᠡᠨ᠎ᠡ᠃         ᠶᠢᠰᠤ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠪᠡᠯᠡ ᠮᠦᠩᠬᠦ ᠶᠢᠨ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠢ ᠶᠢᠨ ᠬᠦᠭᠵᠢᠯᠳᠡ  ᠶᠢᠨ ᠵᠠᠷᠤᠯᠭ᠎ᠠ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠪᠠ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ ᠡᠳ᠋ ᠤᠨ ᠵᠠᠰᠠᠭ ᠤᠨ ᠰᠢᠯᠵᠢᠬᠦᠯᠤᠨ ᠦᠭᠬᠦ ᠶᠢ ᠬᠦᠢᠴᠡᠤᠨᠬᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ ᠃ ᠬᠤᠰᠢᠭᠤᠨ ᠤ ᠦᠨᠳᠤᠰᠤᠨ ᠪᠦᠳᠤᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠳᠤ ᠤᠷᠤᠯᠴᠠᠨ ᠲᠤᠭᠤᠷᠪᠢᠨ ᠲᠤᠭᠳᠠᠭᠠᠵᠤ᠂ ᠦᠨᠳᠤᠰᠤᠨ ᠪᠦᠳᠤᠬᠡᠨ ᠪᠠᠶᠢᠭᠤᠯᠤᠯᠳᠠ ᠶᠢᠨ ᠡᠳ᠋ ᠤᠨ ᠶᠠᠪᠤᠳᠠᠯ ᠤᠨ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃        ᠠᠷᠪᠠ᠂ ᠪᠦᠬᠦ ᠬᠤᠰᠢᠭᠤᠨ ᠤ ᠨᠢᠭᠳᠠᠯᠠᠨ ᠪᠤᠳᠤᠭᠴᠢ ᠶᠢᠨ ᠠᠵᠢᠯ ᠢ ᠬᠠᠮᠢᠶᠠᠷᠬᠤ ᠶᠢ ᠬᠠᠷᠢᠭᠤᠴᠠᠨ᠎ᠠ᠃ ᠨᠢᠭᠳᠠᠯᠠᠨ ᠪᠤᠳᠤᠭᠴᠢ ᠶᠢᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠲᠦᠷᠢᠮᠵᠢᠬᠦᠯᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠨᠢᠭᠳᠠᠯᠠᠨ ᠪᠤᠳᠤᠭᠴᠢ ᠶᠢᠨ ᠬᠠᠤᠯᠢ ᠲᠦᠷᠢᠮ ᠢ ᠲᠤᠤᠱᠯᠠᠭᠤᠯᠤᠨ ᠬᠡᠷᠩᠵᠢᠬᠦᠯᠵᠦ᠂ ᠦᠪᠡᠷᠳᠡᠬᠡᠨ ᠵᠠᠰᠠᠬᠤ ᠤᠷᠤᠨ ᠪᠠ ᠬᠤᠳᠠ ᠶᠢ ᠬᠠᠮᠵᠢᠯᠴᠠᠨ ᠬᠠᠭᠤᠴᠢᠨ ᠪᠠᠷᠭᠤ ᠬᠤᠰᠢᠭᠤᠨ ᠤ ᠲᠠᠩᠰᠠᠨ ᠳᠤ ᠲᠡᠮᠳᠡᠭᠯᠡᠭᠰᠡᠨ ᠨᠢᠭᠳᠠᠯᠠᠨ ᠪᠤᠳᠤᠬᠤ ᠮᠡᠷᠭᠡᠵᠢᠯᠳᠡᠨ ᠪᠠ ᠨᠢᠭᠳᠠᠯᠠᠨ ᠪᠤᠳᠤᠬᠤ ᠮᠡᠷᠭᠡᠵᠢᠯᠳᠡᠨ ᠤ ᠠᠵᠢᠯ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠵᠢᠴᠢ ᠡᠳ᠋ ᠬᠦᠷᠤᠩᠭᠡ ᠶᠢ ᠬᠠᠮᠢᠶᠠᠷᠤᠨ ᠦᠨᠡᠯᠡᠬᠦ ᠬᠠᠮᠢᠶ᠎ᠠ ᠪᠦᠬᠦᠢ ᠠᠵᠢᠯ ᠢ ᠵᠢᠯᠤᠭᠤᠤᠨᠬᠤ ᠪᠠ ᠬᠢᠨᠠᠯᠲᠡ ᠲᠠᠯᠪᠢᠨ᠎ᠠ᠃         ᠠᠷᠪᠠᠨ ᠨᠢᠭᠡ᠂ ᠡᠳ᠋ ᠤᠨ ᠵᠠᠰᠠᠭ ᠤᠨ ᠭᠠᠶᠢᠯᠢ ᠶᠢᠨ ᠬᠠᠤᠯᠢ ᠲᠦᠷᠢᠮ᠂ ᠲᠦᠷᠤ ᠶᠢᠨ ᠪᠤᠳᠤᠯᠭ᠎ᠠ ᠶᠢᠨ ᠬᠡᠷᠩᠵᠢᠬᠦᠯᠤᠯᠳᠡ ᠶᠢᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠲᠡ ᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠤᠳᠤᠭᠠᠳᠤ  ᠳᠠᠬᠢ ᠡᠵᠡᠮᠰᠢᠯ ᠢ ᠬᠢᠨᠠᠨ ᠵᠢᠯᠤᠭᠤᠤᠨᠬᠤ ᠪᠠ ᠲᠦᠷᠢᠮᠵᠢᠬᠦᠯᠵᠦ᠂ ᠡᠳ᠋ ᠤᠨ ᠵᠠᠰᠠᠭ ᠤᠨ ᠬᠠᠮᠢᠶᠠᠷᠤᠯᠳᠠ ᠶᠢ ᠴᠢᠩᠭᠠᠤᠨᠬᠠᠬᠤ ᠲᠦᠷᠤ ᠶᠢᠨ ᠪᠤᠳᠤᠯᠭ᠎ᠠ ᠪᠠ ᠰᠠᠨᠠᠭᠤᠯᠭ᠎ᠠ ᠶᠢ ᠲᠤᠷᠠᠳᠤᠨ᠎ᠠ᠃ ᠲᠦᠰᠤᠪ ᠤᠨ ᠠᠵᠢᠯ ᠤᠨ ᠦᠷ᠎ᠠ ᠪᠦᠳᠤᠮᠵᠢ ᠶᠢᠨ ᠬᠠᠮᠢᠶᠠᠷᠤᠯᠲᠡ ᠶᠢᠨ ᠬᠤᠯᠪᠤᠭᠳᠠᠯ ᠪᠦᠬᠦᠢ ᠠᠵᠢᠯ ᠢ ᠵᠤᠬᠢᠶᠠᠨ ᠪᠠᠶᠢᠭᠤᠯᠤᠨ ᠬᠡᠷᠩᠵᠢᠬᠦᠯᠬᠦ ᠶᠢ ᠬᠠᠷᠢᠭᠤᠴᠠᠨ᠎ᠠ᠃            ᠠᠷᠪᠠᠨ ᠬᠤᠶᠡᠷ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠲᠠ ᠶᠢᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠬᠢᠨᠠᠯᠲᠠ ᠲᠠᠯᠪᠢᠬᠤ ᠬᠠᠮᠢᠶᠠᠷᠤᠯᠲᠡ ᠶᠢᠨ ᠠᠵᠢᠯ ᠤᠨ ᠬᠠᠤᠯᠢ ᠴᠠᠭᠠᠵᠨ ᠬᠠᠤᠯᠢ ᠲᠦᠷᠢᠮ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠤᠯᠤᠰ ᠤᠨ ᠦᠮᠴᠢᠯᠠᠯᠳᠤ ᠡᠳ᠋ ᠬᠦᠷᠤᠩᠬᠡ ᠶᠢᠨ   ᠬᠠᠮᠢᠶᠠᠷᠤᠯᠲᠠ ᠶᠢᠨ ᠬᠠᠮᠢᠶ᠎ᠠ ᠪᠦᠬᠦᠢ ᠲᠦᠷᠢᠮ ᠢ ᠲᠤᠭᠤᠷᠪᠢᠨ ᠲᠤᠭᠳᠠᠭᠠᠵᠤ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠦᠨᠳᠤᠰᠤᠨ ᠬᠠᠮᠢᠶᠠᠷᠤᠯᠲᠡ ᠶᠢ ᠬᠠᠷᠢᠭᠤᠴᠠᠨ᠎ᠠ᠃  ᠬᠤᠰᠢᠭᠤᠨ ᠤ ᠲᠤᠰ ᠱᠠᠳᠤᠨ ᠤ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠬᠢᠨᠠᠯᠲᠠ ᠲᠠᠯᠪᠢᠬᠤ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠤᠯᠭᠤᠭᠰᠠᠨ ᠡᠷᠭᠡ ᠶᠢᠨ ᠬᠡᠪᠴᠢᠶᠡᠨ ᠳᠤ᠂ ᠪᠡᠯᠡ ᠭᠠᠷᠭᠠᠭᠴᠢ ᠶᠢᠨ ᠡᠬᠦᠷᠭᠡ ᠬᠠᠷᠢᠭᠤᠴᠠᠯᠭ᠎ᠠ ᠶᠢ ᠬᠦᠢᠴᠡᠤᠨᠬᠡᠵᠤ᠂ ᠬᠤᠰᠢᠭᠤᠨ ᠤ ᠲᠤᠰ ᠱᠠᠳᠤᠨ ᠤ ᠠᠵᠤ ᠠᠬᠤᠶᠢᠯᠠᠯ ︵ᠮᠦᠩᠬᠦᠨ ᠬᠦᠢᠯᠭᠡᠭᠡᠨ ᠤ ᠲᠦᠷᠤᠯ ᠤᠨ ᠠᠵᠤ ᠠᠬᠤᠶᠢᠯᠠᠯ ᠢ ᠪᠠᠭᠳᠠᠭᠠᠬᠤ  ᠦᠬᠡᠢ︶  ᠤᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢ ᠬᠢᠨᠠᠨ ᠬᠠᠮᠢᠶᠠᠷᠤᠨ᠎ᠠ᠃         ᠠᠷᠪᠠᠨ ᠭᠤᠷᠪᠠ᠂ ᠬᠢᠨᠠᠯᠲᠡ ᠲᠠᠯᠪᠢᠬᠤ ᠦᠷᠳᠡᠭᠡ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠤᠩᠬᠡ ᠶᠢᠨ ᠦᠷᠳᠡᠭ ᠢ ᠪᠠᠳᠤᠯᠠᠬᠤ ᠦᠷᠳᠡᠭ ᠢ ᠨᠡᠮᠡᠭᠳᠡᠬᠦᠯᠬᠦ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠨ᠎ᠡ᠃ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠦᠷᠳᠡᠭ ᠢ ᠪᠠᠳᠤᠯᠠᠬᠤ ᠦᠷᠳᠡᠭ ᠢ ᠨᠡᠮᠡᠭᠳᠡᠬᠦᠯᠬᠦ ᠬᠦᠢᠴᠡᠤᠨᠬᠡᠯ ᠲᠤᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠰᠢᠯᠭᠠᠨ ᠬᠢᠨᠠᠬᠤ ᠪᠠᠷᠢᠮᠵᠢᠶ᠎ᠡ ᠪᠠ ᠠᠷᠭ᠎ᠠ ᠠᠪᠴᠠᠯ ᠢ ᠲᠤᠭᠳᠠᠭᠠᠵᠤ᠂ ᠲᠤᠭ᠎ᠠ ᠪᠦᠷᠢᠤᠨᠬᠡᠯ᠂ ᠲᠤᠯᠭᠠᠨ ᠪᠤᠳᠤᠬᠤ ᠪᠠᠷ ᠲᠠᠮᠵᠢᠨ ᠬᠢᠨᠠᠨ ᠬᠠᠮᠢᠶᠡᠷᠴᠦ ᠪᠠᠶᠢᠭ᠎ᠠ ᠤᠯᠤᠰ ᠤᠨ ᠦᠮᠴᠢᠯᠠᠯᠳᠤ ᠡᠳ᠋ ᠬᠦᠷᠤᠩᠬᠡ ᠶᠢᠨ ᠦᠷᠳᠡᠭ ᠢ ᠪᠠᠳᠤᠯᠠᠬᠤ ᠦᠷᠳᠡᠭ ᠨᠡᠮᠡᠭᠳᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ  ᠬᠤᠪᠢᠶᠠᠷᠢᠯᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠤ ᠤᠷᠤᠯᠭ᠎ᠠ ᠶᠢᠨ ᠬᠤᠪᠢᠶᠠᠷᠢᠯᠠᠯᠳᠠ ᠶᠢᠨ ᠲᠦᠷᠤ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃         ᠠᠷᠪᠠᠨ ᠲᠦᠷᠪᠡ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠦᠭᠡᠷᠡᠴᠢᠯᠡᠯᠳᠡ ᠪᠠ ᠲᠠᠬᠢᠨ ᠪᠠᠶᠢᠭᠤᠯᠬᠤ ᠶᠢ ᠵᠢᠯᠤᠭᠤᠳᠤᠨ ᠲᠦᠯᠬᠢᠨ ᠠᠬᠢᠭᠤᠯᠤᠨ᠎ᠠ᠃ ᠰᠢᠨ᠎ᠡ ᠡᠨᠧᠷᠬᠢ᠂ ᠰᠢᠨ᠎ᠡ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠶᠢ ᠬᠠᠷᠢᠭᠤᠴᠠᠵᠤ᠂ ᠲᠡᠯᠡᠬᠡᠢ᠂ ᠤᠯᠤᠰ ᠤᠨ ᠲᠤᠳᠤᠭᠠᠳᠤ ᠶᠢᠨ ᠦᠷᠢᠰᠤᠯᠳᠤᠬᠦ ᠬᠦᠴᠤᠨ ᠲᠠᠢ ᠲᠤᠮᠤ ᠺᠤᠮᠫᠠᠨᠢ ᠲᠤᠮᠤ ᠠᠵᠤ ᠠᠬᠤᠶᠢᠯᠠᠯ ᠤᠨ  ᠪᠦᠯᠦᠭᠯᠠᠯ  ᠤᠨ ᠲᠦᠷᠤ ᠶᠢᠨ ᠪᠤᠳᠤᠯᠭ᠎ᠠ ᠠᠷᠭ᠎ᠠ ᠠᠪᠴᠠᠯ ᠢ ᠬᠡᠷᠩᠵᠢᠬᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠤᠲᠤ ᠦᠶ᠎ᠡ  ᠶᠢᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠺᠤᠮᠫᠠᠨᠢ ᠶᠢᠨ ᠵᠠᠰᠠᠯᠲᠡ ᠶᠢᠨ ᠪᠦᠳᠤᠴᠡ ᠶᠢ ᠲᠡᠬᠦᠯᠳᠡᠷᠵᠢᠬᠦᠯᠵᠦ᠂ ᠪᠦᠬᠦ ᠬᠤᠰᠢᠭᠤᠨ ᠤ ᠤᠯᠤᠰ ᠤᠨ ᠦᠮᠴᠢᠯᠠᠯᠳᠤ ᠠᠵᠤ ᠠᠬᠤᠢ ᠶᠢᠨ ᠪᠠᠶᠢᠷᠢᠯᠠᠭᠤᠯᠤᠯᠳᠠ ᠪᠠ ᠪᠦᠳᠤᠴᠠ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠤᠨ᠎ᠠ᠃        ᠠᠷᠪᠠᠨ ᠲᠠᠪᠤ᠂ ᠬᠠᠮᠢᠶᠠᠷᠤᠯᠲᠡ ᠶᠢᠨ ᠡᠷᠬᠡ ᠶᠢᠨ ᠬᠡᠪᠴᠢᠶᠡᠨ ᠳᠤ᠂ ᠬᠠᠤᠯᠢ ᠪᠠᠷ ᠲᠤᠭᠳᠠᠭᠠᠭᠰᠠᠨ ᠲᠠᠷᠠᠭᠠᠯᠠᠯ ᠢᠶᠠᠷ ᠬᠢᠨᠠᠨ ᠬᠠᠮᠢᠶᠠᠷᠬᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠢ ᠲᠤᠮᠢᠯᠠᠵᠦ ᠤᠭᠴᠠᠷᠠᠭᠤᠯᠬᠤ᠂ ᠰᠢᠯᠭᠠᠨ ᠬᠢᠨᠠᠬᠤ ᠶᠢ ᠬᠠᠷᠢᠭᠤᠴᠠᠵᠤ᠂ ᠠᠵᠢᠯᠳᠠᠨ ᠢ ᠰᠤᠩᠭᠤᠨ ᠬᠡᠷᠩᠯᠡᠬᠦ ᠲᠤᠭᠲᠡᠴᠠ ᠶᠢ ᠪᠦᠷᠢᠨᠰᠢᠬᠦᠯᠵᠦ᠂ ᠡᠵᠡᠩᠨᠡᠭᠴᠢ ᠶᠢ ᠵᠤᠷᠢᠭᠵᠢᠭᠤᠯᠬᠤ ᠪᠠ ᠬᠢᠵᠠᠭᠠᠷᠯᠠᠬᠤ ᠲᠦᠷᠢᠮ ᠢ ᠲᠡᠬᠦᠯᠳᠡᠷᠵᠢᠬᠦᠯᠦᠨ᠎ᠡ᠃        ᠠᠷᠪᠠᠨ ᠵᠢᠷᠭᠤᠭ᠎ᠠ᠂ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠲᠡᠬᠡᠭᠰᠢ ᠲᠤᠰᠢᠶᠠᠬᠤ ᠤᠯᠤᠰ ᠤᠨ ᠦᠮᠴᠢᠯᠠᠯᠳᠤ ᠬᠦᠷᠤᠩᠭᠡ ᠶᠢᠨ ᠠᠰᠢᠭ ᠤᠷᠤᠯᠭ᠎ᠠ ᠶᠢ ᠵᠤᠬᠢᠶᠠᠨ ᠪᠠᠶᠢᠭᠤᠯᠤᠨ᠎ᠠ᠃  ᠬᠤᠰᠢᠭᠤᠨ ᠤ ᠲᠤᠰ ᠱᠠᠳᠤᠨ ᠤ ᠤᠯᠤᠰ ᠤᠨ ᠦᠮᠴᠢᠯᠠᠯᠳᠤ ᠬᠦᠷᠤᠩᠭᠡ ᠶᠢᠨ ᠡᠵᠡᠩᠨᠡᠯᠲᠡ ᠶᠢᠨ ᠲᠦᠰᠤᠪ ᠤᠨ ᠬᠠᠮᠢᠶ᠎ᠠ ᠪᠦᠬᠦᠢ ᠬᠠᠮᠢᠶᠠᠷᠤᠯᠲᠡ ᠶᠢᠨ ᠲᠦᠷᠢᠮ ᠪᠠ ᠠᠷᠭ᠎ᠠ ᠠᠪᠴᠠᠯ ᠢ ᠲᠤᠭᠤᠷᠪᠢᠨ  ᠲᠤᠭᠳᠠᠭᠠᠬᠤ ᠳᠤ ᠤᠷᠤᠯᠴᠠᠵᠤ᠂ ᠬᠠᠮᠢᠶ᠎ᠠ ᠪᠦᠬᠦᠢ ᠲᠤᠭᠳᠠᠭᠠᠯ ᠶᠤᠰᠤᠭᠠᠷ ᠤᠯᠤᠰ ᠤᠨ ᠦᠮᠴᠢᠯᠠᠯᠳᠤ ᠬᠦᠷᠤᠩᠭᠡ ᠶᠢᠨ ᠡᠵᠡᠩᠨᠡᠯᠲᠡ ᠶᠢᠨ ᠲᠦᠰᠤᠪ ᠪᠠ ᠲᠦᠰᠤᠪ ᠤᠨ ᠬᠦᠢᠴᠡᠤᠨᠬᠡᠯ ᠢ ᠨᠠᠶᠢᠷᠠᠭᠤᠯᠬᠤ ᠪᠠ ᠬᠡᠷᠩᠵᠢᠬᠦᠯᠬᠦ ᠵᠡᠷᠭᠡ ᠠᠵᠢᠯ ᠢ ᠬᠠᠷᠢᠭᠤᠴᠠᠨ᠎ᠠ᠃        ᠠᠷᠪᠠᠨ ᠲᠤᠯᠤᠭ᠎ᠠ᠂ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠪᠠ ᠤᠯᠤᠰ ᠤᠨ ᠦᠮᠴᠢᠯᠠᠯᠳᠤ ᠬᠤᠪᠢ ᠤᠷᠤᠭᠤᠯᠤᠯᠳᠠ ᠶᠢ ᠡᠷᠬᠡᠰᠢᠶᠡᠬᠦ᠂ ᠬᠤᠪᠢ ᠤᠷᠤᠭᠤᠯᠬᠤ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠤᠩᠭᠡ ᠶᠢᠨ ᠦᠮᠴᠢᠯᠡᠬᠦ ᠡᠷᠭᠡ ᠶᠢ ᠬᠤᠪᠢᠷᠠᠭᠤᠯᠤᠨ ᠰᠢᠢᠤᠨᠪᠤᠷᠢᠯᠡᠬᠦ ᠵᠡᠷᠭᠡ ᠶᠢ ᠬᠠᠤᠯᠢ ᠶᠤᠰᠤᠭᠠᠷ ᠬᠢᠨᠠᠨ ᠬᠠᠮᠢᠶᠠᠷᠤᠨ᠎ᠠ᠃        ᠠᠷᠪᠠᠨ ᠨᠠᠢᠮᠠ᠂ ᠪᠡᠯᠡ ᠭᠠᠷᠭᠠᠭᠴᠢ ᠶᠢᠨ ᠡᠬᠦᠷᠭᠡ ᠬᠠᠷᠢᠭᠤᠴᠠᠯᠭ᠎ᠠ ᠶᠤᠰᠤᠭᠠᠷ᠂ ᠬᠢᠨᠠᠨ ᠪᠠᠶᠢᠴᠠᠭᠠᠬᠤ ᠦᠷᠳᠡᠭᠡᠨ ᠤ ᠬᠢᠨᠠᠨ ᠬᠠᠮᠢᠶᠠᠷᠬᠤ ᠠᠵᠤ ᠠᠬᠤᠶᠢᠯᠠᠯ ᠢ ᠱᠠᠭᠠᠷᠳᠠᠨ ᠤᠯᠤᠰ᠂ ᠦᠪᠡᠳᠡᠷᠬᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠠᠶᠤᠯᠬᠦᠢ ᠦᠢᠯᠡᠤᠨᠪᠤᠷᠢᠯᠠᠯ᠂ ᠪᠠᠴᠢᠮ  ᠪᠠᠶᠢᠳᠠᠯ ᠢ ᠠᠷᠭᠠᠴᠠᠭᠠᠬᠤ ᠬᠠᠮᠢᠶᠠᠷᠤᠯᠲᠡ᠂ ᠡᠨᠧᠷᠬᠢ ᠶᠢ ᠠᠷᠪᠢᠯᠠᠨ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠪᠠ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠲᠠᠯ᠎ᠠ ᠶᠢᠨ ᠲᠤᠬᠠᠢ ᠲᠦᠷᠤ ᠶᠢᠨ ᠪᠤᠳᠤᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ᠂ ᠪᠠᠷᠢᠮᠵᠢᠶ᠎ᠠ ᠵᠡᠷᠭᠡ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃        ᠠᠷᠪᠠᠨ ᠶᠢᠰᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠪᠡᠶᠡᠯᠡᠬᠦᠯᠤᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ