ᠬᠠᠭᠤᠴᠢᠨ ᠪᠠᠷᠭᠤ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/12
     ᠨᠢᠭᠡ  ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠬᠠᠤᠯᠢ ᠴᠠᠭᠠᠵᠠ ᠬᠠᠤᠯᠢ ᠲᠤᠭᠳᠠᠭᠠᠯ ᠪᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠂  ᠬᠤᠯᠪᠤᠭᠳᠠᠯ ᠪᠦᠬᠦᠢ ᠠᠷᠠᠭ᠎ᠠ ᠠᠪᠴᠠᠯ ᠢ ᠲᠤᠭᠳᠠᠭᠠᠨ ᠡᠭᠦᠨ ᠤ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠪᠦᠬᠦ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠲᠤᠷᠠᠳᠴᠦ᠂  ᠪᠦᠬᠦ ᠬᠤᠰᠢᠭᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂  ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠬᠤᠶᠠᠷ᠂ ᠬᠤᠳᠠ ᠪᠠᠯᠭᠠᠰᠤᠨ ᠤ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠢ ᠵᠢᠯᠤᠭᠤᠳᠤᠨ᠎ᠠ᠃ ᠬᠤᠳᠠ ᠪᠠᠯᠭᠠᠰᠤᠨ ᠤ ᠤᠷᠤᠨ ᠰᠠᠭᠤᠴᠠ ᠶᠢᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠷᠤᠨ ᠰᠠᠭᠤᠴᠠ ᠶᠢᠨ ᠲᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ ᠤᠯᠠᠨ ᠴᠤᠭᠴᠠᠲᠤ ᠬᠠᠩᠭᠠᠯᠭ᠎ᠠ᠂ ᠤᠯᠠᠨ ᠠᠷᠭ᠎ᠠ ᠵᠠᠮ ᠤᠨ ᠪᠠᠳᠤᠯᠠᠭ᠎ᠠ᠂  ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡᠪᠡᠷ ᠶᠠᠪᠤᠭᠤᠯᠬᠤ ᠤᠷᠤᠨ ᠰᠠᠭᠤᠴᠠ ᠶᠢᠨ ᠲᠦᠷᠢᠮ ᠤᠨ ᠪᠠᠶᠢᠭᠤᠯᠤᠨ᠎ᠠ᠃ ᠪᠦᠬᠦ ᠬᠤᠰᠢᠭᠤᠨ ᠤ ᠤᠷᠠᠨ ᠰᠠᠭᠤᠴᠠ ᠶᠢᠨ ᠴᠢᠳᠠᠪᠬᠢ ᠶᠢ ᠲᠤᠭᠳᠠᠭᠠᠬᠤ ᠠᠵᠢᠯ ᠢ ᠬᠠᠷᠢᠭᠤᠴᠠᠨ᠎ᠠ᠃      ᠭᠤᠷᠪᠠ᠂ ᠭᠡᠷ ᠭᠠᠵᠠᠷ ᠬᠦᠷᠦᠩᠭᠡ ᠶᠢᠨ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠪᠠ ᠭᠡᠷ ᠭᠠᠵᠠᠷ ᠬᠦᠷᠦᠩᠭᠡ ᠶᠢᠨ ᠠᠵᠦ ᠦᠢᠯᠡᠰ ᠤᠨ ᠬᠦᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠭᠠᠵᠠᠷ ᠬᠦᠷᠦᠩᠭᠡ ᠶᠢᠨ ᠠᠵᠦ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠪᠠ ᠠᠵᠦ ᠦᠢᠯᠡᠰ ᠤᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠪᠠ ᠬᠢᠨᠠᠨ ᠬᠡᠷᠡᠭᠵᠢᠭᠦᠯᠵᠦ᠂ ᠭᠡᠷ ᠭᠠᠵᠠᠷ ᠬᠦᠷᠦᠩᠭᠡ ᠶᠢᠨ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠪᠠ ᠵᠤᠬᠢᠴᠠᠭᠤᠯᠬᠤ ᠲᠦᠷᠦ ᠶᠢᠨ ᠪᠤᠳᠤᠯᠭ᠎ᠠ᠂  ᠠᠷᠭ᠎ᠠ ᠠᠪᠴᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠨ ᠬᠡᠷᠡᠭᠵᠢᠭᠦᠯᠦᠨ᠎ᠡ᠃  ᠭᠡᠷ ᠭᠠᠵᠠᠷ ᠬᠦᠷᠦᠩᠭᠡ ᠶᠢ ᠨᠡᠬᠡᠬᠡᠨ ᠬᠦᠭᠵᠢᠭᠦᠯᠬᠦ᠂ ᠭᠡᠷ ᠪᠠᠶᠢᠰᠢᠩ ᠢ ᠠᠷᠠᠯᠵᠢᠶᠠᠯᠠᠬᠤ᠂ ᠭᠡᠷ ᠪᠠᠶᠢᠰᠢᠩ ᠢ ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠢ ᠶᠢᠨ ᠬᠠᠮᠢᠶᠠᠷᠤᠯᠳᠠ᠂ ᠭᠡᠷ ᠪᠠᠶᠢᠰᠢᠩ ᠢ ᠲᠠᠳᠠᠪᠤᠷᠢᠯᠠᠨ ᠬᠠᠮᠢᠶᠠᠷᠬᠤ᠂ ᠭᠡᠷ ᠭᠠᠵᠠᠷ ᠬᠦᠷᠦᠩᠭᠡ ᠶᠢᠨ ᠦᠨ᠎ᠡ ᠬᠠᠩᠰᠢ ᠶᠢ ᠦᠨᠡᠯᠡᠬᠦ ᠪᠠ ᠠᠵᠦ ᠠᠬᠤᠢ ᠶᠢᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠤᠷᠪᠢᠨ ᠡᠭᠦᠨ ᠤ ᠬᠠᠮᠲᠤ ᠬᠢᠨᠠᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠨᠢᠭᠡᠳᠦᠯᠳᠠᠢ ᠲᠠᠳᠠᠪᠤᠷᠢᠯᠠᠨ ᠬᠤᠷᠢᠶᠠᠬᠤ ᠠᠵᠢᠯ  ᠵᠤᠬᠢᠶᠠᠨ ᠪᠠᠶᠢᠭᠤᠯᠤᠨ ᠦᠷᠨᠢᠭᠦᠯᠦᠨ᠎ᠡ᠃        ᠲᠦᠷᠪᠡ᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠦᠪᠡᠷᠳᠡᠭᠡᠨ ᠵᠠᠰᠠᠬᠤ ᠤᠷᠤᠨ᠂  ᠬᠦᠯᠦᠨ ᠪᠤᠶᠢᠷ ᠬᠤᠳᠠ ᠶᠢᠨ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠡᠭᠦᠨ ᠤ ᠬᠠᠮᠲᠤ ᠬᠢᠨᠠᠨ ᠬᠡᠷᠡᠭᠵᠢᠭᠦᠯᠦᠨ᠎ᠡ᠃ ᠠᠳᠠᠯ ᠠᠬᠤᠢ ᠶᠢᠨ ᠵᠠᠬ᠎ᠠ ᠲᠡᠯᠭᠡᠭᠦᠷ ᠲᠤ ᠦᠢᠯᠡᠴᠢᠯᠡᠬᠦ ᠶᠢ ᠵᠢᠯᠤᠭᠤᠳᠤᠨ ᠲᠦᠷᠢᠮᠵᠢᠭᠦᠯᠦᠨ᠎ᠡ᠃  ᠭᠡᠷ ᠪᠠᠶᠢᠰᠢᠩ ᠢ ᠰᠠᠯᠪᠢᠨ ᠵᠠᠰᠠᠭᠰᠠᠨ ᠪᠡᠯᠡ ᠮᠦᠩᠬᠦ ᠶᠢ ᠲᠦᠪᠯᠡᠷᠡᠭᠦᠯᠦᠨ ᠬᠡᠷᠡᠭᠯᠡᠬᠦ ᠬᠠᠮᠢᠶᠠᠷᠤᠯᠳᠠ ᠶᠢ ᠵᠢᠯᠤᠭᠤᠳᠤᠨ ᠬᠢᠨᠠᠨ ᠬᠠᠮᠢᠶᠠᠷᠤᠨ᠎ᠠ᠃      ᠲᠠᠪᠤ  ᠂ ᠤᠯᠤᠰ᠂ ᠦᠪᠡᠷᠳᠡᠭᠡᠨ ᠵᠠᠰᠠᠬᠤ ᠤᠷᠤᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠪᠠ ᠬᠠᠮᠢᠶ᠎ᠠ ᠪᠦᠬᠦᠢ ᠠᠵᠢᠯ ᠲᠦᠷᠦᠯ ᠤᠨ ᠪᠠᠷᠢᠮᠵᠢᠶ᠎ᠠ ᠶᠢ ᠬᠢᠨᠠᠨ ᠬᠡᠷᠡᠭᠵᠢᠭᠦᠯᠦᠨ᠎ᠡ᠃ ᠪᠦᠳᠦᠭᠡᠨ ᠪᠠᠶᠢᠭᠤᠯᠬᠤ ᠢᠨᠵᠧᠨᠧᠷᠢᠩ ᠤᠨ ᠦᠨ᠎ᠡ ᠬᠠᠩᠰᠢ ᠶᠢ ᠬᠠᠮᠢᠶᠠᠷᠬᠤ ᠠᠵᠢᠯ ᠢ ᠡᠭᠦᠷᠭᠡᠯᠡᠨ᠎ᠡ᠃ ᠡᠯ᠎ᠡ ᠲᠦᠷᠦᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠶᠢᠨ ᠲᠤᠭᠳᠠᠭᠠᠭᠰᠠᠨ ᠬᠡᠷᠡᠭᠵᠢᠭᠦᠯᠬᠦ ᠪᠠ ᠢᠨᠵᠧᠨᠧᠷᠢᠩ ᠤᠨ ᠦᠢᠯᠡᠳᠦᠭᠰᠡᠨ ᠦᠨ᠎ᠡ ᠶᠢ ᠲᠡᠮᠳᠡᠭᠯᠡᠬᠦ ᠶᠢ ᠵᠢᠯᠤᠭᠤᠳᠤᠨ ᠬᠢᠨᠠᠯᠲᠠ ᠲᠠᠯᠪᠢᠨ᠎ᠡ᠃  ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠭᠠᠵᠠᠷ ᠤᠷᠤᠨ ᠤ ᠨᠦᠬᠦᠪᠦᠷᠢᠯᠡᠨ ᠲᠤᠭᠳᠠᠭᠠᠭᠰᠠᠨ ᠲᠤᠭ᠎ᠠ ᠪᠠ ᠢᠨᠵᠧᠨᠧᠷᠢᠩ ᠤᠨ ᠦᠢᠯᠡᠳᠦᠭᠰᠡᠨ ᠦᠨ᠎ᠡ ᠶᠢᠨ ᠰᠤᠷᠠᠭ ᠵᠠᠩᠬᠢ ᠶᠢ ᠨᠡᠶᠢᠳᠡᠯᠡᠬᠦ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠵᠢᠷᠭᠤᠭ᠎ᠠ᠂ ᠪᠠᠷᠢᠯᠭ᠎ᠠ ᠶᠢᠨ ᠵᠠᠬ᠎ᠠ ᠲᠡᠯᠭᠡᠭᠦᠷ  ᠢ ᠬᠢᠨᠠᠨ ᠬᠠᠮᠢᠶᠠᠷᠤᠨ᠎ᠠ᠃  ᠪᠠᠷᠢᠯᠭ᠎ᠠ ᠶᠢᠨ ᠵᠠᠬ᠎ᠠ ᠲᠡᠯᠭᠡᠭᠦᠷ ᠢ ᠲᠦᠷᠢᠮᠵᠢᠭᠦᠯᠬᠦ᠂ ᠠᠵᠢᠯ ᠲᠦᠷᠦᠯ ᠤᠨ ᠬᠢᠨᠠᠨ ᠬᠠᠮᠢᠶᠠᠷᠤᠯᠳᠠ ᠪᠠ ᠪᠦᠳᠦᠭᠡᠨ ᠪᠠᠶᠢᠭᠤᠯᠬᠤ ᠠᠵᠢᠯᠯᠠᠭ᠎ᠠ ᠶᠢᠨ ᠲᠦᠷᠦ ᠶᠢᠨ ᠪᠤᠳᠤᠯᠭ᠎ᠠ᠂  ᠠᠷᠭ᠎ᠠ ᠠᠪᠴᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃  ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠬᠤ ᠵᠢᠷᠤᠭ ᠲᠦᠯᠦᠪᠯᠡᠭᠡ ᠶᠢᠨ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠬᠤ ᠠᠰᠠᠭᠤᠨ ᠯᠠᠪᠯᠠᠬᠤ ᠦᠢᠯᠡᠰ ᠤᠨ  ᠠᠵᠢᠯ ᠲᠦᠷᠦᠯ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ᠂ ᠲᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠲᠤᠭᠳᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠵᠦ᠂  ᠬᠤᠯᠪᠤᠭᠳᠠᠯ ᠪᠦᠬᠦᠢ ᠠᠵᠦ ᠠᠬᠤᠶᠢᠯᠠᠯ᠂  ᠨᠢᠭᠡᠴᠡ ᠶᠢᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃  ᠪᠠᠷᠢᠯᠭ᠎ᠠ ᠶᠢᠨ ᠵᠠᠬ᠎ᠠ ᠲᠡᠯᠭᠡᠭᠦᠷ ᠤᠨ ᠭᠤᠤᠯ ᠴᠤᠭᠴᠠᠲᠤ ᠠᠵᠢᠯᠯᠠᠭ᠎ᠠ ᠶᠢ ᠲᠦᠷᠢᠮᠵᠢᠭᠦᠯᠦᠨ᠎ᠡ᠃  ᠭᠡᠷ ᠲᠤᠳᠤᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠴᠦ ᠵᠢᠯᠤᠭᠤᠳᠤᠨ᠎ᠠ᠃  ᠪᠠᠷᠢᠯᠭ᠎ᠠ ᠶᠢᠨ ᠠᠵᠦ ᠠᠬᠤᠶᠢᠯᠠᠯ ᠢ ᠵᠢᠯᠤᠭᠤᠳᠤᠨ ᠭᠠᠳᠠᠭᠠᠲᠤ ᠳᠤ ᠲᠠᠭᠠᠭᠠᠴᠢᠯᠠᠭᠤᠯᠬᠤ᠂ ᠪᠠᠷᠢᠯᠭ᠎ᠠ ᠶᠢᠨ ᠬᠦᠳᠡᠯᠮᠦᠷᠢ ᠬᠦᠴᠦᠨ ᠤ ᠬᠤᠷᠰᠢᠯᠴᠠᠭ᠎ᠠ ᠳᠤ ᠤᠷᠤᠯᠴᠠᠭᠤᠯᠤᠨ᠎ᠠ᠃       ᠲᠤᠯᠤᠭ᠎ᠠ᠂  ᠪᠠᠷᠢᠯᠭ᠎ᠠ ᠶᠢᠨ ᠢᠨᠵᠧᠨᠧᠷᠢᠩ ᠤᠨ ᠴᠢᠨᠠᠷ ᠴᠢᠨᠰᠠᠭᠠᠨ ᠤ ᠠᠮᠤᠷ ᠲᠦᠪᠰᠢᠨ ᠤ ᠠᠵᠢᠯ ᠢ ᠬᠢᠨᠠᠨ ᠬᠠᠮᠢᠶᠠᠷᠤᠨ᠎ᠠ᠃  ᠪᠠᠷᠢᠯᠭ᠎ᠠ ᠶᠢᠨ ᠢᠨᠵᠧᠨᠧᠷᠢᠩ ᠤᠨ ᠴᠢᠨᠠᠷ ᠴᠢᠨᠰᠠᠭ᠎ᠠ᠂  ᠪᠠᠷᠢᠯᠭ᠎ᠠ ᠶᠢᠨ ᠠᠮᠤᠷ ᠲᠦᠪᠰᠢᠨ ᠤ ᠦᠢᠯᠡᠳᠪᠦᠷᠢᠯᠡᠯ ᠪᠠ ᠢᠨᠵᠧᠨᠧᠷᠢᠩ ᠤᠨ ᠪᠠᠷᠢᠯᠭ᠎ᠠ ᠲᠠᠭᠤᠰᠬᠤ ᠬᠢᠨᠠᠨ ᠬᠠᠷᠢᠶᠠᠬᠤ ᠲᠠᠩᠰᠠᠯᠠᠬᠤ ᠲᠦᠷᠦ ᠶᠢᠨ ᠪᠤᠳᠤᠯᠭ᠎ᠠ᠂  ᠲᠦᠷᠢᠮ ᠤᠨ ᠨᠠᠶᠢᠳᠠᠪᠤᠷᠢᠵᠢᠭᠤᠯᠬᠤ ᠶᠢ ᠵᠢᠯᠤᠭᠤᠳᠤᠨ ᠬᠢᠨᠠᠯᠳᠠ ᠲᠠᠯᠪᠢᠨ᠎ᠠ᠃  ᠬᠤᠯᠪᠤᠭᠳᠠᠯ ᠪᠦᠬᠦᠢ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠵᠢᠯᠤᠭᠤᠳᠤᠨ᠎ᠠ᠃  ᠪᠦᠬᠦ ᠬᠤᠰᠢᠭᠤᠨ ᠤ ᠪᠠᠷᠢᠯᠭ᠎ᠠ ᠶᠢᠨ ᠠᠮᠤᠷ ᠲᠦᠪᠰᠢᠨ ᠦᠢᠯᠡᠳᠪᠦᠷᠢᠯᠡᠯ᠂  ᠪᠤᠯᠪᠠᠰᠤᠨ ᠢᠶᠠᠷ ᠪᠠᠷᠢᠯᠭ᠎ᠠ ᠪᠠᠷᠢᠬᠤ ᠶᠢ ᠬᠢᠨᠠᠨ ᠪᠠᠶᠢᠴᠠᠭᠠᠬᠤ ᠠᠵᠢᠯ ᠢ ᠱᠠᠭᠠᠷᠳᠠᠨ ᠪᠠᠶᠢᠴᠠᠭᠠᠨ᠎ᠠ᠃  ᠢᠨᠵᠧᠨᠧᠷᠢᠩ ᠤᠨ ᠴᠢᠬᠤᠯᠠ ᠶᠡᠭᠡ ᠴᠢᠨᠠᠷ ᠴᠢᠨᠰᠠᠭ᠎ᠠ᠂  ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠤᠷᠤᠯᠴᠠᠨ᠎ᠠ᠃       ᠨᠠᠢᠮᠠ᠂ ᠬᠤᠳᠠ ᠶᠢᠨ ᠵᠢᠷᠤᠭ ᠲᠦᠯᠦᠪᠯᠡᠭᠡ ᠪᠠ ᠳᠦᠷᠢ ᠳᠦᠷᠬᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠳᠠ ᠶᠢᠨ ᠬᠠᠶᠢᠨ ᠪᠠᠶᠢᠴᠠᠭᠠᠬᠤ᠂  ᠬᠤᠳᠠ ᠶᠢᠨ ᠶᠠᠪᠤᠳᠠᠯ ᠤᠨ ᠢᠨᠵᠧᠨᠧᠷᠢᠩ ᠢ ᠬᠢᠨᠠᠨ ᠬᠡᠮᠵᠢᠬᠦ᠂ ᠬᠤᠳᠠ ᠶᠢᠨ ᠭᠠᠵᠠᠷ ᠲᠤᠤᠷᠠᠬᠢ ᠤᠷᠠᠨ ᠵᠠᠢ ᠶᠢ ᠨᠡᠬᠡᠯᠭᠡᠨ ᠠᠰᠢᠭᠯᠠᠬᠤ ᠪᠠ ᠬᠤᠳᠠ ᠶᠢᠨ ᠵᠢᠷᠤᠭ ᠲᠦᠯᠦᠪᠯᠡᠭᠡ᠂  ᠬᠤᠳᠠ ᠶᠢᠨ ᠱᠤᠭᠤᠮᠠᠯ᠂  ᠭᠡᠷ ᠤᠨ ᠭᠠᠳᠠᠨᠠᠬᠢ ᠵᠠᠷ ᠮᠡᠳᠡᠭᠡ ᠫᠠᠶᠢᠰᠠ ᠢᠯᠡᠷᠭᠡᠶᠢᠯᠡᠯ ᠤᠨ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ᠃  ᠲᠡᠭᠡᠳᠦ ᠱᠠᠳᠤᠨ ᠤ ᠬᠤᠳᠠ ᠶᠢ ᠵᠠᠰᠠᠨ ᠨᠦᠬᠦᠪᠦᠷᠢᠯᠡᠬᠦ ᠪᠠ ᠠᠮᠢ ᠠᠬᠤᠢ ᠶᠢ ᠵᠠᠰᠠᠨ ᠰᠡᠷᠭᠦᠭᠡᠬᠦ ᠲᠦᠷᠦ ᠶᠢᠨ ᠪᠤᠳᠤᠯᠭ᠎ᠠ ᠪᠠ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠳᠠ ᠲᠠᠯᠪᠢᠨ ᠬᠡᠷᠡᠭᠵᠢᠭᠦᠯᠦᠨ᠎ᠡ᠃  ᠬᠤᠳᠠ ᠶᠢᠨ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠲᠠᠯ᠎ᠠ ᠶᠢ ᠬᠢᠨᠠᠨ ᠪᠠᠶᠢᠴᠠᠭᠠᠬᠤ ᠪᠠ ᠬᠠᠮᠢᠶᠠᠷᠬᠤ ᠠᠵᠢᠯ ᠢ ᠡᠭᠦᠷᠭᠡᠯᠡᠨ᠎ᠡ᠃  ᠲᠡᠤᠬᠡ ᠶᠢᠨ ᠪᠠᠷᠢᠯᠭ᠎ᠠ ᠶᠢ ᠲᠤᠭᠳᠠᠭᠠᠬᠤ᠂  ᠲᠡᠤᠬᠡ ᠰᠤᠶᠤᠯ ᠤᠨ ᠵᠡᠭᠡᠯᠢ ᠶᠢ ᠬᠤᠪᠢᠶᠠᠷᠢᠯᠠᠨ ᠲᠤᠭᠳᠠᠭᠠᠬᠤ ᠶᠢ ᠡᠭᠦᠷᠭᠡᠯᠡᠨ᠎ᠡ᠃ ᠲᠡᠤᠬᠡ ᠰᠤᠶᠤᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠤᠯᠪᠤᠭᠠᠯᠠᠨ ᠲᠡᠤᠬᠡ ᠰᠤᠶᠤᠯ ᠤᠨ ᠨᠡᠷᠡᠲᠦ ᠬᠤᠳᠠ ︵ ᠪᠠᠯᠭᠠᠰᠤ᠂  ᠲᠤᠰᠬᠤᠨ︶  ᠂  ᠲᠡᠤᠬᠡ ᠰᠤᠶᠤᠯ ᠤᠨ ᠵᠡᠭᠡᠯᠢ ᠤᠷᠤᠨ ᠢ ᠬᠠᠮᠠᠭᠠᠯᠠᠬᠤ ᠪᠠ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃       ᠶᠢᠰᠦ᠂ ᠬᠤᠳᠠ ᠪᠠᠯᠭᠠᠰᠤᠨ ᠤ ᠪᠠᠷᠢᠯᠭ᠎ᠠ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠴᠦ᠂  ᠪᠦᠬᠦ ᠬᠤᠰᠢᠭᠤᠨ ᠤ ᠬᠤᠳᠠ ᠪᠠᠯᠭᠠᠰᠤᠨ ᠤ ᠪᠠᠷᠢᠯᠭ᠎ᠠ᠂  ᠬᠠᠮᠢᠶᠠᠷᠤᠯᠳᠠ ᠶᠢᠨ ᠲᠦᠷᠢᠮ ᠢ ᠲᠤᠭᠳᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ ᠬᠤᠳᠠ ᠶᠢᠨ ᠪᠦᠳᠦᠭᠡᠨ ᠪᠠᠶᠢᠭᠤᠯᠤᠯᠳᠠ ᠪᠠ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠲᠤᠮᠳᠠ ᠤᠷᠲᠤ ᠬᠤᠭᠤᠴᠠᠭᠠᠨ ᠤ ᠬᠦᠭᠵᠢᠯᠲᠡ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠪᠤᠶᠤ ᠵᠢᠯᠤᠭᠤᠳᠤᠨ ᠬᠡᠷᠡᠭᠵᠢᠭᠦᠯᠦᠨ᠎ᠡ᠃  ᠬᠤᠳᠠ ᠶᠢᠨ  ᠵᠠᠰᠠᠭ ᠤᠨ ᠶᠠᠪᠤᠳᠠᠯ ᠤᠨ ᠨᠡᠶᠢᠶ᠎ᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠ ᠠᠮᠤᠷ ᠲᠦᠪᠰᠢᠨ ᠬᠠᠮᠢᠶᠠᠷᠤᠯᠳᠠ ᠶᠢᠨ ᠠᠵᠢᠯ ᠤᠨ ᠡᠷᠬᠢᠯᠲᠡ ᠶᠢ ᠵᠢᠯᠤᠭᠤᠳᠤᠨ᠎ᠠ᠃  ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠶᠢᠨ ᠰᠤᠷᠠᠭ ᠵᠠᠩᠬᠢ ᠶᠢᠨ ᠰᠢᠰᠲ᠋ᠧᠮ ᠤᠨ ᠪᠦᠳᠦᠭᠡᠨ ᠪᠢᠠᠭᠤᠯᠤᠯᠳᠠ ᠪᠠ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ᠃  ᠬᠤᠳᠠ ᠶᠢ ᠪᠦᠳᠦᠭᠡᠨ ᠪᠠᠶᠢᠭᠤᠯᠬᠤ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃       ᠠᠷᠪᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠪᠤᠯᠤᠨ ᠬᠤᠳᠠ ᠶᠢᠨ ᠬᠠᠮᠢᠶᠠᠤᠯᠳᠠ ᠶᠢᠨ ᠬᠤᠯᠪᠤᠭᠳᠠᠯ ᠪᠦᠬᠦᠢ ᠬᠠᠤᠯᠢ ᠬᠡᠷᠡᠭᠵᠢᠭᠦᠯᠬᠦ ᠠᠵᠢᠯ ᠢ ᠱᠠᠭᠠᠷᠳᠠᠨ ᠵᠢᠯᠤᠭᠤᠳᠤᠨ᠎ᠠ᠃ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠪᠤᠯᠤᠨ ᠬᠤᠳᠠ ᠶᠢᠨ ᠬᠠᠮᠢᠶᠠᠤᠯᠳᠠ ᠶᠢᠨ ᠬᠠᠤᠯᠢ ᠬᠡᠷᠡᠭᠵᠢᠭᠦᠯᠬᠦ ᠬᠢᠨᠠᠯᠳᠠ ᠲᠠᠯᠪᠢᠬᠤ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠠ ᠲᠦᠷᠢᠮ ᠢ ᠲᠤᠭᠳᠠᠭᠠᠵᠤ᠂  ᠡᠭᠦᠨ ᠤ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠪᠤᠯᠤᠨ ᠬᠤᠳᠠ ᠶᠢᠨ ᠬᠠᠮᠢᠶᠠᠤᠯᠳᠠ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠲᠤᠷᠭᠠᠭᠤᠯᠢ ᠶᠢᠨ ᠠᠵᠢᠯ ᠢ ᠵᠢᠯᠤᠭᠤᠳᠤᠨ ᠬᠢᠨᠠᠯᠳᠠ ᠲᠠᠯᠪᠢᠨ᠎ᠠ᠃ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ  ᠶᠢᠨ ᠴᠢᠬᠤᠯᠠ ᠶᠡᠭᠡ ᠬᠡᠷᠡᠭ ᠵᠠᠷᠭᠤ ᠶᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠭᠡᠨ᠎ᠡ᠃      ᠠᠷᠪᠠᠨ ᠨᠢᠭᠡ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠵᠢᠯᠤᠭᠤᠳᠤᠨ᠎ᠠ᠃ ᠲᠤᠰᠬᠤᠨ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠲᠦᠷᠦ ᠶᠢᠨ ᠪᠤᠳᠤᠯᠭ᠎ᠠ ᠪᠠ ᠬᠦᠭᠵᠢᠯᠲᠡ ᠶᠢᠨ ᠲᠦᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃  ᠪᠦᠬᠦ  ᠬᠤᠰᠢᠭᠤᠨ ᠤ ᠬᠤᠳᠠ ᠪᠠᠯᠭᠠᠰᠤ᠂  ᠰᠤᠮᠤ᠂  ᠭᠠᠴᠠᠭ᠎ᠠ ᠶᠢᠨ ᠪᠦᠳᠦᠭᠡᠨ ᠪᠠᠶᠢᠭᠤᠯᠤᠯᠳᠠ ᠶᠢ ᠵᠢᠯᠤᠭᠤᠳᠤᠨ᠎ᠠ᠃  ᠪᠦᠬᠦ ᠬᠤᠰᠢᠭᠤᠨ ᠤ ᠮᠠᠯᠵᠢᠬᠤ ᠤᠷᠤᠨ ᠤ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠪᠠ ᠠᠶᠤᠯᠳᠠᠢ ᠭᠡᠷ ᠪᠠᠶᠢᠰᠢᠩ ᠢ ᠵᠠᠰᠠᠨ ᠦᠭᠡᠷᠡᠴᠢᠯᠡᠬᠦ ᠠᠵᠢᠯ ᠢ ᠵᠢᠯᠤᠭᠤᠳᠤᠨ᠎ᠠ᠃  ᠪᠦᠬᠦ ᠬᠤᠰᠢᠭᠤᠨ ᠤ ᠭᠤᠤᠯᠳᠠᠯᠭ᠎ᠠ  ᠲᠠᠢ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠪᠠ ᠤᠯᠠᠮᠵᠢᠯᠠᠯᠲᠦ ᠲᠤᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠬᠤ ᠬᠦᠭᠵᠢᠭᠦᠯᠬᠦ ᠠᠵᠢᠯ ᠢ ᠵᠢᠯᠤᠭᠤᠳᠤᠨ᠎ᠠ᠃       ᠠᠷᠪᠠᠨ ᠬᠤᠶᠠᠷ᠂  ᠪᠠᠷᠢᠯᠭ᠎ᠠ ᠶᠢᠨ ᠡᠨᠧᠷᠬᠢ ᠶᠢ ᠠᠷᠪᠢᠯᠠᠬᠤ ᠪᠠ ᠬᠤᠳᠠ ᠪᠠᠯᠭᠠᠰᠤ ᠶᠢᠨ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠤᠭᠤᠳᠤᠨ᠎ᠠ᠃ ᠪᠠᠷᠢᠯᠭ᠎ᠠ ᠶᠢᠨ ᠡᠨ᠋ᠷᠬᠢ ᠶᠢ ᠠᠷᠪᠢᠯᠠᠬᠤ᠂ ᠬᠤᠳᠠ ᠪᠠᠯᠭᠠᠰᠤ ᠶᠢᠨ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠭᠡ ᠮᠡᠷᠭᠡᠵᠢᠯ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂  ᠬᠦᠭᠵᠢᠯᠲᠡ ᠶᠢᠨ ᠲᠦᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ ᠡᠭᠦᠨ ᠤ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠤᠬᠢᠷᠳᠤᠯ ᠦᠭᠡᠢ ᠪᠠᠷᠢᠯᠭ᠎ᠠ᠂ ᠲᠦᠬᠦᠷᠴᠢᠯᠡᠭᠰᠡᠨ ᠮᠠᠶ᠋ᠢᠭ ᠤᠨ ᠪᠠᠷᠢᠯᠭ᠎ᠠ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠤᠷᠪᠢᠨ ᠡᠭᠦᠨ ᠤ ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠴᠤᠭᠴᠠ ᠶᠢᠨ ᠮᠠᠲ᠋ᠧᠷᠢᠶᠠᠯ᠂   ᠵᠠᠳᠠᠭᠠᠢ ᠱᠦᠢᠨᠢ ᠶᠢᠨ ᠠᠵᠦ ᠦᠢᠯᠡᠰ ᠤᠨ ᠬᠦᠭᠵᠢᠯᠲᠡ ᠶᠢᠨ ᠠᠵᠢᠯ ᠢ ᠵᠢᠯᠤᠭᠤᠳᠤᠨ᠎ᠠ᠃  ᠰᠢᠨᠵᠢᠯᠡᠭᠡ ᠮᠡᠷᠭᠡᠵᠢᠯ ᠤᠨ ᠬᠤᠷᠰᠢᠯᠴᠠᠭ᠎ᠠ᠂       ᠠᠷᠪᠠᠨ ᠭᠤᠷᠪᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠡᠷᠡᠭᠵᠢᠭᠦᠯᠵᠦ᠂  ᠡᠭᠦᠨ ᠤ ᠬᠠᠮᠲᠤ ᠬᠤᠳᠠ ᠶᠢᠨ ᠶᠡᠷᠦᠩᠬᠡᠢ ᠲᠦᠯᠦᠪᠵᠢᠭᠦᠯᠭᠡ ᠳᠤ ᠤᠷᠤᠭᠤᠯᠤᠨ᠎ᠠ᠃ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠦᠰᠦᠯ ᠢ ᠨᠠᠶᠢᠷᠠᠭᠤᠯᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠭᠤᠤᠯᠳᠠᠯᠭ᠎ᠠ ᠲᠠᠢ ᠬᠠᠷᠠᠯᠳᠠ ᠶᠢ ᠬᠠᠮᠠᠭᠠᠯᠠᠬᠤ ᠪᠠᠶᠢᠭᠤᠯᠤᠯᠳᠠ ᠶᠢᠨ ᠶᠡᠷᠦᠩᠬᠡᠢ ᠲᠦᠯᠦᠪᠵᠢᠭᠦᠯᠭᠡ ᠪᠠ ᠬᠡᠷᠡᠭᠵᠢᠭᠦᠯᠬᠦ ᠲᠦᠯᠦᠪᠯᠡᠭᠡ ᠶᠢ ᠨᠠᠶᠢᠷᠠᠭᠤᠯᠤᠨ᠎ᠠ᠃ ᠭᠤᠤᠯᠳᠠᠯᠭ᠎ᠠ ᠲᠠᠢ ᠬᠠᠷᠠᠯᠳᠠ ᠶᠢ ᠬᠠᠮᠠᠭᠠᠯᠠᠬᠤ ᠬᠠᠮᠢᠶᠠᠷᠬᠤ ᠠᠵᠢᠯ ᠢ ᠬᠢᠨᠠᠯᠳᠠ ᠲᠠᠯᠪᠢᠨ ᠪᠠᠶᠢᠴᠠᠭᠠᠵᠤ᠂ ᠵᠢᠯᠤᠭᠤᠳᠤᠨ ᠵᠤᠬᠢᠴᠠᠭᠤᠯᠤᠨ᠎ᠠ᠃ ᠭᠤᠤᠯᠳᠠᠯᠭ᠎ᠠ ᠲᠠᠢ ᠬᠠᠷᠠᠯᠳᠠ ᠶᠢᠨ ᠨᠢᠭᠡᠴᠡ ᠶᠢ ᠵᠢᠯᠤᠭᠤᠳᠤᠨ᠂ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃             ᠠᠷᠪᠠᠨ ᠲᠦᠷᠪᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠳᠠᠶᠢᠨ ᠤ ᠪᠡᠯᠡᠳᠭᠡᠯ ᠤᠨ ᠲᠦᠷᠢᠮ ᠢ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠬᠠᠮᠢᠶᠠᠷᠤᠯᠳᠠ ᠪᠠ ᠠᠭᠠᠷ ᠤᠨ ᠰᠡᠷᠭᠡᠶᠢᠯᠡᠯᠲᠡ ᠶᠢᠨ ᠭᠠᠵᠠᠷ ᠲᠤᠤᠷᠠᠬᠢ ᠭᠡᠷ ᠤᠨ ᠡᠩ ᠤᠨ ᠦᠶ᠎ᠡ ᠪᠠ ᠲᠠᠶᠢᠨ ᠤ ᠦᠶ᠎ᠡ ᠶᠢᠨ ᠰᠢᠯᠵᠢᠭᠦᠯᠬᠦ ᠠᠵᠢᠯ ᠢ ᠵᠢᠯᠤᠭᠤᠳᠤᠨ᠎ᠠ᠃  ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠳᠠ᠂ ᠬᠠᠮᠠᠭᠠᠯᠠᠬᠤ᠂ ᠬᠡᠷᠡᠭᠯᠡᠬᠦ ᠶᠢ ᠬᠢᠨᠠᠨ ᠬᠠᠮᠢᠶᠠᠷᠬᠤ ᠶᠢ ᠵᠢᠯᠤᠭᠤᠳᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠴᠢᠨᠠᠷ ᠴᠢᠨᠰᠠᠭᠠᠨ ᠤ ᠮᠡᠷᠭᠡᠵᠢᠯ ᠤᠨ ᠵᠢᠯᠤᠭᠤᠳᠤᠯᠭ᠎ᠠ ᠪᠠ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠠᠮᠠᠭᠠᠯᠠᠨ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠳᠦᠭᠡᠨ ᠪᠠᠶᠢᠭᠤᠯᠤᠯᠳᠠ ᠶᠢᠨ ᠵᠠᠷᠤᠳᠠᠯ ᠢ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠦᠮᠴᠢᠯᠡᠯᠲᠦ ᠬᠦᠷᠦᠩᠬᠡ ᠶᠢᠨ ᠬᠠᠮᠢᠶᠠᠷᠤᠯᠳᠠ ᠳᠤ ᠬᠢᠨᠠᠯᠲᠠ ᠲᠠᠯᠪᠢᠨ᠎ᠠ᠃        ᠠᠷᠪᠠᠨ ᠲᠠᠪᠤ  ᠂ ᠬᠤᠳᠠ ᠶᠢᠨ ᠤᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠤᠬᠢᠶᠠᠨ ᠪᠠᠶᠢᠭᠤᠯᠤᠯᠳᠠ ᠶᠢᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠵᠢᠯᠤᠭᠤᠳᠤᠨ᠎ᠠ᠃  ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠯᠴᠠᠨ ᠭᠠᠮᠰᠢᠭ ᠢ ᠰᠡᠷᠭᠡᠶᠢᠯᠡᠨ ᠭᠠᠮᠰᠢᠭ ᠢ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠯᠲᠠ ᠶᠢᠨ ᠡᠭᠦᠷᠭᠡ ᠬᠡᠷᠡᠭᠵᠢᠭᠦᠯᠦᠨ᠎ᠡ᠃ ᠠᠷᠠᠳ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠶᠢᠨ ᠬᠦᠮᠦᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠵᠠᠩᠬᠢᠴᠢᠯᠠᠯᠲᠠ ᠪᠠ ᠴᠢᠮᠡᠭᠡ ᠬᠤᠯᠪᠤᠭᠠᠨ ᠤ ᠪᠠᠶᠢᠭᠤᠯᠤᠯᠳᠠ ᠶᠢ ᠲᠤᠭᠳᠠᠭᠠᠨ ᠲᠦᠯᠦᠪᠵᠢᠭᠦᠯᠬᠦ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠵᠠᠩᠬᠢᠴᠢᠯᠡᠯᠲᠡ ᠶᠢᠨ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠯᠴᠠᠨ ᠠᠷᠠᠳ ᠤᠨ ᠠᠭᠠᠷ ᠤᠨ ᠰᠡᠷᠭᠡᠶᠢᠯᠯᠡᠲᠡ ᠶᠢᠨ ᠰᠤᠷᠠᠭ ᠵᠠᠩᠬᠢ  ᠶᠢᠨ ᠲᠤᠤᠷ ᠰᠦᠯᠵᠢᠶ᠎ᠡ᠂  ᠴᠢᠮᠡᠭᠡ ᠬᠤᠯᠪᠤᠭᠠᠨ ᠤ ᠰᠡᠷᠡᠮᠵᠢ ᠶᠢᠨ ᠲᠤᠬᠢᠶ᠎ᠠ ᠶᠢᠨ ᠲᠦᠬᠦᠭᠡᠷᠦᠮᠵᠢ ᠶᠡᠷᠦᠳᠡ ᠶᠢᠨ ᠲᠦᠭᠰᠢᠭᠦᠷᠢ ᠠᠴᠠ ᠠᠪᠤᠷᠠᠬᠤ ᠦᠢᠯᠡᠴᠢᠯᠡᠭᠡᠨ ᠢ ᠠᠰᠢᠭᠯᠠᠨ᠎ᠠ᠃  ᠲᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠯᠡᠲᠡ ᠶᠢᠨ ᠡᠯ᠎ᠡ ᠲᠦᠷᠦᠯ ᠤᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠶᠡᠷᠦᠩᠬᠡᠶᠢᠯᠡᠨ ᠵᠤᠬᠢᠴᠠᠭᠤᠯᠤᠨ᠎ᠠ᠃        ᠠᠷᠪᠠᠨ ᠵᠢᠷᠭᠤᠭ᠎ᠠ᠂  ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂  ᠠᠷᠠᠳ ᠤᠨ ᠠᠭᠠᠷ ᠤᠨ ᠰᠡᠷᠭᠡᠶᠢᠯᠯᠡᠲᠡ ᠶᠢᠨ ᠬᠦᠷᠢᠶ᠎ᠡ ᠴᠠᠷᠠᠭᠠᠨ ᠤ ᠴᠢᠳᠠᠪᠤᠷᠢᠳᠠᠨ ᠤ ᠡᠩᠨᠡᠭᠡᠨ ᠤ ᠪᠦᠳᠦᠭᠡᠨ ᠪᠠᠶᠢᠭᠤᠯᠤᠯᠳᠠ ᠶᠢ ᠵᠢᠯᠤᠭᠤᠳᠴᠦ᠂  ᠭᠠᠳᠠᠭᠠᠳᠤ ᠰᠤᠯᠢᠯᠴᠠᠭᠠᠨ ᠪᠠ ᠬᠤᠷᠰᠢᠯᠴᠠᠭ᠎ᠠ ᠶᠢ ᠦᠷᠨᠢᠭᠦᠯᠦᠨ᠎ᠡ᠃        ᠠᠷᠪᠠᠨ ᠲᠤᠯᠤᠭ᠎ᠠ᠂ ᠬᠤᠰᠢᠭᠤ ᠨᠠᠮ ᠤᠨ ᠬᠤᠷᠢᠶ᠎ᠠ᠂  ᠵᠠᠰᠠᠭ ᠤᠨ ᠤᠷᠳᠤᠨ᠂  ᠬᠤᠰᠢᠭᠤᠨ ᠤ ᠠᠷᠠᠳ ᠤᠨ ᠵᠠᠪᠰᠡᠭᠲᠦ ᠬᠦᠴᠦᠨ ᠤ ᠬᠡᠯᠲᠡᠰ ᠪᠠ ᠲᠡᠭᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ