ᠬᠠᠭᠤᠴᠢᠨ ᠪᠠᠷᠭᠤ ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/12
  ᠨᠢᠭᠡ᠂ ᠨᠠᠮ ᠪᠠ ᠤᠯᠤᠰ ᠤᠨ ᠰᠤᠷᠭᠠᠨ ᠬᠦᠮᠦᠵᠢᠯ ᠪᠠ ᠪᠡᠶ᠎ᠡ ᠶᠢᠨ ᠲᠠᠮᠢᠷ ᠤᠨ ᠠᠵᠢᠯ ᠤᠨ ᠬᠠᠥᠯᠢ ᠴᠠᠭᠠᠵᠠ ᠬᠠᠥᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ ᠂ ᠪᠦᠬᠦ ᠬᠤᠰᠢᠭᠤᠨ ᠤ ᠰᠤᠷᠭᠠᠨ ᠬᠦᠮᠦᠵᠢᠯ ᠪᠠ ᠪᠡᠶ᠎ᠡ ᠶᠢᠨ ᠲᠠᠮᠢᠷ ᠤᠨ ᠦᠭᠡᠷᠡᠴᠢᠯᠡᠯᠲᠡ ᠬᠥᠭᠵᠢᠭᠦᠯᠦᠯᠲᠡ ᠶᠢᠨ ᠲᠦᠯᠦᠪᠵᠢᠭᠦᠯᠬᠡ᠂ ᠴᠢᠬᠤᠯᠠ ᠶᠡᠭᠡ ᠦᠭᠡᠷᠡᠴᠢᠯᠡᠯᠲᠡ ᠶᠢᠨ ᠲᠦᠰᠦᠯ ᠪᠠ ᠠᠵᠢᠯ ᠤᠨ ᠲᠦᠯᠦᠪᠯᠡᠭᠡ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠳᠤᠮᠳ᠋ᠨ ᠵᠡᠷᠭᠡ ᠠᠴᠠ ᠳᠤᠷᠤᠭᠰᠢᠬᠢ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠨᠢᠭᠡᠳᠤᠯᠲᠡᠢ ᠲᠦᠯᠦᠪᠯᠡᠭᠡ ᠶᠢᠨ ᠲᠦᠯᠦᠪᠵᠢᠭᠦᠯᠬᠡ ᠪᠠ ᠬᠠᠮᠵᠢᠯᠴᠠᠨ ᠲᠤᠬᠢᠷᠠᠭᠤᠯᠬᠤ ᠬᠠᠮᠢᠶᠠᠷᠤᠯᠲᠠ ᠶᠢ ᠬᠠᠷᠢᠭᠤᠴᠠᠵᠤ᠂ ᠲᠤᠮᠳᠠᠲᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠵᠢᠯᠤᠭᠤᠳᠴᠦ᠂ ᠪᠠᠶᠢᠷᠢᠰᠢᠭᠤᠯᠤᠯᠲᠠ ᠪᠠ ᠪᠦᠲᠦᠴᠡ ᠶᠢᠨ ᠳᠤᠬᠢᠷᠠᠭᠤᠯᠤᠯᠲᠠ ᠶᠢᠨ ᠰᠠᠨᠠᠯ ᠢ ᠰᠤᠳᠤᠯᠤᠨ ᠳᠤᠷᠠᠳᠤᠨ ᠭᠠᠷᠭᠠᠨ᠎ᠠ᠃   ᠬᠤᠶᠠᠷ᠂ ᠰᠠᠭᠤᠷᠢ ᠰᠤᠷᠭᠠᠨ ᠬᠦᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠵᠢᠯ᠂ ᠤᠨᠴᠠᠭᠠᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠭᠦᠯᠵᠦ᠂ ᠮᠤᠷᠠᠯ᠂ ᠤᠶᠤᠨ᠂ ᠲᠠᠮᠢᠷ᠂ ᠬᠦᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢᠨ ᠰᠤᠷᠭᠠᠨ ᠬᠦᠮᠦᠵᠢᠯ ᠤᠨ ᠲᠤᠭᠲᠠᠯᠴᠠᠭ᠎ᠠ ᠶᠢ ᠪᠠᠶᠢᠭᠤᠯᠤᠨ᠎ᠠ᠃ ᠰᠤᠷᠭᠠᠭᠤᠯᠢ ᠶᠢᠨ ᠮᠤᠷᠠᠯ ᠤᠨ ᠬᠦᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠪᠠ ᠡᠷᠡᠭᠦᠯ ᠮᠡᠨᠲᠤ ᠶᠢᠨ ᠬᠦᠮᠦᠵᠢᠯ᠂ ᠤᠷᠠᠯᠢᠭ ᠪᠠ ᠬᠦᠳᠡᠯᠮᠦᠷᠢ ᠶᠢᠨ ᠬᠦᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠵᠡᠷᠭᠡ ᠠᠵᠢᠯ ᠢ ᠵᠢᠯᠤᠭᠤᠳᠤᠨ᠎ᠠ᠃ ᠳᠤᠮᠲᠠᠲᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠦᠮᠦᠵᠢᠯ ᠪᠠ ᠠᠮᠤᠷ ᠲᠥᠪᠰᠢᠨ ᠤ ᠬᠠᠮᠢᠶᠠᠷᠤᠯᠲᠠ ᠶᠢ ᠵᠢᠯᠤᠭᠤᠳᠤᠨ᠎ᠠ᠃ ᠪᠦᠬᠦ ᠬᠤᠰᠢᠭᠤᠨ ᠤ ᠣᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠵᠢᠴᠢ ᠡᠯ᠎ᠡ ᠲᠦᠷᠦᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠤᠨ ᠠᠵᠢᠯ ᠢ ᠵᠢᠯᠤᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ  ᠲᠠᠢ ᠬᠠᠮᠵᠢᠯᠴᠠᠨ ᠰᠤᠷᠭᠠᠨ ᠬᠦᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠰᠤᠷᠭᠠᠨ ᠬᠦᠮᠦᠵᠢᠯ ᠪᠠ ᠴᠦᠭᠡᠨ ᠲᠤᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠬᠦ ᠠᠵᠢᠯ ᠢ ᠵᠢᠯᠤᠭᠤᠳᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠵᠢᠯᠤᠭᠤᠳᠴᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠵᠤᠬᠢᠶᠠᠨ ᠪᠠᠶᠢᠭᠤᠯᠤᠨ ᠬᠠᠮᠢᠶᠠᠷᠤᠨ᠎ᠠ᠃    ᠭᠤᠷᠪᠠ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠱᠠᠭᠠᠷᠳᠠᠨ ᠵᠢᠯᠤᠭᠤᠳᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠱᠠᠭᠠᠷᠳᠠᠨ ᠵᠢᠯᠤᠭᠤᠳᠬᠤ ᠳᠦᠷᠢᠮ᠂ ᠲᠦᠯᠦᠪᠵᠢᠭᠦᠯᠭᠡ᠂ ᠦᠨᠡᠯᠡᠬᠦ ᠪᠠᠷᠢᠮᠵᠢᠶ᠎ᠠ ᠶᠢ ᠲᠤᠭᠤᠷᠪᠢᠨ ᠲᠤᠭᠲᠠᠭᠠᠵᠤ᠂ ᠪᠦᠬᠦ  ᠬᠤᠰᠢᠭᠤᠨ ᠤ  ᠡᠯ᠎ᠡ ᠱᠠᠲᠤ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠱᠠᠭᠠᠷᠳᠠᠨ ᠪᠠᠶᠢᠴᠠᠭᠠᠬᠤ ᠪᠠ ᠦᠨᠡᠯᠡᠨ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠦᠮᠦᠵᠢᠯ ᠤᠨ ᠬᠥᠭᠵᠢᠯᠲᠡ ᠶᠢᠨ ᠬᠢᠷᠢ ᠲᠥᠪᠰᠢᠨ ᠪᠠ ᠴᠢᠨᠠᠷ ᠴᠢᠨᠰᠠᠭᠠᠨ ᠤ ᠬᠢᠨᠠᠨ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠰᠤᠷᠭᠠᠨ ᠬᠦᠮᠦᠵᠢᠯ ᠤᠨ ᠱᠠᠭᠠᠷᠳᠠᠨ ᠵᠢᠯᠤᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃    ᠳᠦᠷᠪᠡ᠂ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠤᠨ ᠨᠢᠭᠡᠳᠤᠯᠲᠡᠢ ᠲᠦᠪᠯᠡᠷᠡᠭᠦᠯᠦᠨ ᠬᠠᠮᠢᠶᠠᠷᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠤᠨ ᠲᠦᠪᠯᠡᠷᠡᠭᠦᠯᠬᠦ ᠠᠪᠴᠠᠯ ᠢ ᠬᠡᠷᠡᠭᠯᠡᠨ ᠬᠠᠮᠢᠶᠠᠷᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠲᠠᠭᠠᠵᠤ᠂ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠤᠨ ᠬᠡᠷᠡᠭᠯᠡᠭᠰᠡᠨ ᠪᠠᠶᠢᠳᠠᠯ ᠢ ᠬᠢᠨᠠᠨ ᠬᠡᠮᠵᠢᠨ᠎ᠡ᠃ ᠪᠦᠬᠦ ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠠᠵᠢᠯ ᠦᠢᠯᠡᠰ ᠵᠢᠴᠢ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠤᠨ ᠪᠦᠷᠢᠳᠬᠡᠯ ᠪᠠ ᠵᠠᠳᠠᠯᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠦᠨᠳᠦᠰᠦᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠱᠠᠭᠠᠷᠳᠠᠨ ᠬᠠᠮᠢᠶᠠᠷᠤᠨ᠎ᠠ᠃ ᠰᠤᠷᠤᠭᠴᠢ ᠶᠢ ᠲᠤᠰᠠᠯᠠᠬᠤ ᠠᠵᠢᠯ ᠢ ᠵᠤᠬᠢᠶᠠᠨ ᠪᠠᠶᠢᠭᠤᠯᠤᠨ ᠬᠠᠮᠢᠶᠠᠷᠤᠨ᠎ᠠ᠃    ᠲᠠᠪᠤ᠂ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠳᠠᠰᠬᠠᠯᠵᠢᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠪᠠ ᠰᠤᠷᠭᠠᠨ ᠬᠦᠮᠦᠵᠢᠯ ᠤᠨ ᠰᠢᠰᠲ᠋ᠧᠮ ᠤᠨ ᠴᠢᠳᠠᠪᠤᠷᠢᠳᠠᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠠᠭᠰᠢ᠂ ᠳᠠᠰᠬᠠᠯᠵᠢᠭᠤᠯᠤᠭᠴᠢ ᠡᠯᠰᠡᠬᠦ᠂ ᠠᠵᠢᠯ ᠤᠨ ᠪᠠᠶᠢᠷᠢᠨ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠤᠯᠠ ᠬᠢᠨᠠᠨ ᠲᠤᠭᠲᠠᠭᠠᠬᠤ ᠠᠵᠢᠯ ᠢ ᠵᠤᠬᠢᠶᠠᠨ ᠪᠠᠶᠢᠭᠤᠯᠤᠨ᠂ ᠪᠠᠭᠰᠢ ᠶᠢᠨ ᠬᠢᠷᠢ ᠭᠡᠮ ᠢ ᠦᠨᠡᠯᠡᠨ ᠲᠤᠭᠲᠠᠭᠠᠬᠤ᠂ ᠪᠠᠭᠰᠢ ᠶᠢᠨ ᠪᠣᠯᠪᠠᠰᠤᠷᠠᠯ ᠪᠠ ᠪᠠᠭᠰᠢ ᠶᠢᠨ ᠦᠷᠭᠦᠯᠵᠢᠯᠯ ᠰᠤᠷᠭᠠᠨ ᠬᠦᠮᠦᠵᠢᠯ ᠤᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠤᠷᠭᠠᠨ ᠬᠦᠮᠦᠵᠢᠯ ᠤᠨ ᠰᠢᠰᠲ᠋ᠧᠮ ᠤᠨ ᠭᠠᠳᠠᠭᠠᠲᠤ ᠲᠠᠢ ᠬᠤᠷᠰᠢᠯᠴᠠᠨ ᠰᠤᠯᠢᠯᠴᠠᠬᠤ ᠠᠵᠢᠯ ᠢ ᠬᠠᠷᠢᠭᠤᠴᠠᠨ᠎ᠠ᠃    ᠵᠢᠷᠭᠤᠭ᠎ᠠ᠂ ᠬᠢᠲᠠᠳ ᠦᠭᠡ ᠬᠡᠯᠡ ᠦᠰᠦᠭ ᠪᠢᠴᠢᠭ ᠤᠨ ᠳᠦᠷᠢᠮᠴᠢᠯᠡᠯᠲᠡ ᠶᠢᠨ ᠠᠵᠢᠯ ᠢ ᠬᠠᠷᠢᠭᠤᠴᠠᠵᠤ᠂ ᠪᠦᠬᠦ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ᠎ᠠ᠃ ᠬᠢᠲᠠᠳ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠬᠦ ᠠᠵᠢᠯ ᠢ ᠵᠤᠬᠢᠴᠠᠭᠤᠯᠤᠨ ᠲᠤᠬᠢᠷᠠᠭᠤᠯᠵᠤ᠂ ᠵᠢᠯᠤᠭᠤᠳᠤᠨ ᠬᠢᠨᠠᠨ ᠪᠠᠶᠢᠴᠠᠭᠠᠨ᠎ᠠ᠃ ᠨᠡᠶᠢᠳᠡᠮ ᠬᠡᠷᠡᠭᠯᠡᠬᠦ ᠦᠭᠡ ᠬᠡᠯᠡ ᠪᠠ ᠨᠡᠶᠢᠳᠡᠮ ᠬᠡᠷᠡᠭᠯᠡᠬᠦ ᠦᠭᠡ ᠬᠡᠯᠡᠨ ᠤ ᠪᠠᠭᠰᠢ ᠶᠢᠨ ᠬᠢᠷᠢ ᠭᠡᠮ ᠤᠨ ᠪᠤᠯᠪᠠᠰᠤᠷᠠᠯ ᠤᠨ ᠠᠵᠢᠯ ᠢ ᠵᠢᠯᠤᠭᠤᠳᠤᠨ ᠲᠦᠭᠡᠮᠡᠯᠵᠢᠭᠦᠯᠦᠨ᠎ᠡ᠃    ᠳᠤᠯᠤᠭ᠎ᠠ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ᠂ ᠦᠵᠡᠯ ᠰᠠᠨᠠᠭ᠎ᠠ ᠤᠯᠤᠰ ᠲᠦᠷᠦ᠂ ᠪᠠᠭᠰᠢ ᠶᠢᠨ ᠶᠤᠰᠤ ᠰᠤᠷᠳᠠᠬᠤᠨ ᠪᠠᠭᠰᠢ ᠶᠢᠨ ᠬᠡᠪ ᠰᠤᠷᠳᠠᠯ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠦᠯᠦᠪᠯᠡᠨ ᠰᠠᠶᠢᠲᠤᠷ ᠠᠳᠬᠤᠨ᠎ᠠ᠃    ᠨᠠᠢᠮᠠ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠦᠮᠦᠵᠢᠯ ᠮᠡᠷᠭᠡᠵᠢᠯ ᠤᠨ ᠲᠦᠬᠦᠭᠡᠷᠦᠮᠵᠢ ᠶᠢᠨ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠤᠷᠠᠭ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠦᠯᠦᠪᠯᠡᠨ ᠲᠥᠯᠬᠢᠨ ᠠᠬᠢᠭᠤᠯᠤᠨ᠎ᠠ᠃    ᠶᠢᠰᠦ᠂ ᠪᠡᠶ᠎ᠡ ᠶᠢᠨ ᠲᠠᠮᠢᠷ ᠤᠨ ᠲᠦᠯᠦᠪᠵᠢᠭᠦᠯᠬᠡ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ ᠲᠤᠭᠤᠷᠪᠢᠵᠤ᠂ ᠪᠡᠶ᠎ᠡ ᠶᠢᠨ ᠲᠠᠮᠢᠷ ᠤᠨ ᠠᠵᠢᠯ ᠦᠢᠯᠡᠰ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠦᠯᠦᠪᠵᠢᠭᠦᠯᠬᠡ᠂ ᠤᠨ ᠤ ᠲᠦᠯᠦᠪᠯᠡᠭᠡ ᠶᠢ ᠨᠠᠶᠢᠷᠠᠭᠤᠯᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠠᠨ ᠡᠰᠢᠵᠢᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃    ᠠᠷᠪᠠ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ ᠲᠦᠯᠦᠪᠵᠢᠭᠦᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ᠶᠢ ᠲᠥᠯᠬᠢᠨ ᠬᠡᠷᠡᠭᠵᠢᠭᠦᠯᠵᠦ᠂ ᠤᠯᠤᠰ ᠤᠨ ᠲᠠᠮᠢᠷ ᠤᠨ ᠪᠤᠯᠪᠠᠰᠤᠷᠠᠯ ᠤᠨ ᠪᠠᠷᠢᠮᠵᠢᠶ᠎ᠠ ᠶᠢ ᠬᠢᠨᠠᠨ ᠱᠠᠭᠠᠷᠳᠠᠵᠤ ᠬᠡᠷᠡᠭᠵᠢᠭᠦᠯᠦᠨ᠎ᠡ᠃ ᠤᠯᠤᠰ ᠠᠷᠠᠳ ᠤᠨ ᠪᠡᠶ᠎ᠡ ᠶᠢᠨ ᠴᠢᠨᠠᠷ ᠴᠢᠨᠰᠠᠭ᠎ᠠ ᠶᠢᠨ ᠬᠢᠨᠠᠨ ᠬᠡᠮᠵᠢᠯᠲᠡ ᠪᠠ ᠨᠡᠶᠢᠭᠡᠮ ᠤᠨ ᠪᠡᠶ᠎ᠡ ᠶᠢᠨ ᠲᠠᠮᠢᠷ ᠢ ᠵᠢᠯᠤᠭᠤᠳᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠭᠦᠬᠡᠷᠦᠮᠵᠢ ᠶᠢᠨ ᠬᠢᠨᠠᠨ ᠬᠠᠮᠢᠶᠠᠷᠦᠯᠲᠠ ᠳᠤ ᠬᠠᠷᠢᠭᠤᠴᠠᠨ᠎ᠠ᠃     ᠠᠷᠪᠠᠨ ᠨᠢᠭᠡ᠂ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠠᠵᠢᠯ ᠤᠨ ᠶᠠᠪᠤᠭᠳᠠᠬᠤ ᠶᠢ ᠨᠢᠭᠡᠳᠦᠯᠲᠡᠢ ᠲᠦᠯᠦᠪᠯᠡᠨ ᠲᠦᠯᠦᠪᠵᠢᠭᠦᠯᠵᠦ᠂ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠲᠦᠷᠦᠯ ᠵᠦᠢᠯ ᠢ ᠲᠤᠬᠢᠷᠠᠭᠤᠯᠬᠤ ᠪᠠ ᠪᠠᠶᠢᠷᠢᠰᠢᠭᠤᠯᠬᠤ ᠶᠢ ᠰᠤᠳᠤᠯᠤᠨ ᠲᠦᠯᠦᠪᠵᠢᠭᠦᠯᠦᠨ᠎ᠡ᠃ ᠪᠡᠶ᠎ᠡ ᠶᠢᠨ ᠲᠠᠮᠢᠷ ᠤᠨ ᠪᠤᠯᠪᠠᠰᠤᠷᠠᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠢᠯᠤᠭᠤᠳᠤᠨ ᠵᠤᠬᠢᠴᠠᠭᠤᠯᠤᠨ᠎ᠠ᠃ ᠳᠠᠮᠢᠷᠴᠢᠳ ᠤᠨ ᠡᠩᠨᠡᠭᠡᠨ ᠤ ᠪᠠᠶᠢᠭᠤᠯᠤᠯᠲᠠ ᠪᠠ ᠠᠵᠢᠯ ᠤᠨ ᠴᠢᠯᠦᠭᠡᠨ ᠤ ᠪᠤᠯᠪᠠᠰᠤᠷᠠᠯ ᠤᠨ ᠠᠵᠢᠯ ᠢ ᠵᠢᠯᠤᠭᠤᠳᠤᠨ᠎ᠠ᠃ ᠳᠠᠮᠢᠷᠴᠢᠳ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠵᠤᠬᠢᠴᠠᠭᠤᠯᠤᠨ᠎ᠠ᠃     ᠠᠷᠪᠠᠨ ᠬᠤᠶᠠᠷ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠦᠬᠦ ᠤᠯᠤᠰ᠂ ᠪᠦᠬᠦ ᠤᠷᠤᠨ᠂ ᠪᠦᠬᠦ ᠬᠤᠳᠠ ᠶᠢᠨ ᠴᠢᠬᠤᠯᠠ ᠶᠡᠭᠡ ᠤᠷᠤᠯᠳᠤᠭᠠᠨ  ᠳᠤ ᠤᠷᠤᠯᠴᠠᠨ ᠵᠤᠬᠢᠶᠠᠨ ᠪᠠᠶᠢᠭᠤᠯᠤᠨ ᠳᠠᠭᠠᠭᠠᠴᠢᠯᠠᠨ ᠡᠷᠬᠢᠯᠡᠵᠤ᠂ ᠪᠦᠬᠦ ᠬᠤᠰᠢᠭᠤᠨ ᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠡᠯ᠎ᠡ ᠲᠦᠷᠦᠯ ᠤᠨ ᠨᠢᠭᠡ ᠲᠦᠷᠦᠯ ᠤᠨ ᠤᠷᠤᠯᠳᠤᠭᠠᠨ ᠢ ᠭᠤᠤᠯᠯᠠᠨ ᠡᠷᠬᠢᠯᠡᠨ᠎ᠡ᠃ ᠪᠦᠬᠦ ᠬᠤᠰᠢᠭᠤᠨ ᠤ ᠴᠢᠨᠠᠷᠲᠡᠢ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠭᠦᠯᠦᠨ ᠬᠠᠮᠢᠶᠠᠷᠤᠨ᠎ᠠ᠃ ᠬᠦᠭᠡᠷᠦᠯᠲᠡ ᠶᠢᠨ ᠡᠮ ᠢ ᠡᠰᠡᠷᠭᠦᠴᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ     ᠠᠷᠪᠠᠨ ᠭᠤᠷᠪᠠ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠨᠢᠭᠡᠳᠦᠯᠲᠡᠢ ᠲᠦᠯᠦᠪᠯᠡᠨ ᠲᠦᠯᠦᠪᠵᠢᠭᠦᠯᠵᠤ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠤᠭᠤᠳᠤᠨ ᠠᠬᠢᠭᠤᠯᠤᠨ᠎ᠠ᠃ᠠᠷᠪᠠᠨ ᠳᠦᠷᠪᠡ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠵᠢᠯ ᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠤᠷᠪᠢᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠵᠢᠯᠤᠭᠤᠳᠤᠨ ᠳᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠬᠤᠯᠠ ᠠᠵᠢᠯ ᠤᠨ ᠪᠠᠶᠢᠳᠠᠯ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠪᠡᠶ᠎ᠡ ᠶᠢᠨ ᠲᠠᠮᠢᠷ ᠤᠨ ᠦᠩᠭᠡᠲᠤ ᠰᠤᠭᠤᠯᠤᠭ᠎ᠠ ᠶᠢᠨ ᠠᠵᠢᠯ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃     ᠠᠷᠪᠠᠨ ᠲᠠᠪᠤ᠂ ᠪᠡᠶ᠎ᠡ ᠶᠢᠨ ᠲᠠᠮᠢᠷ ᠤᠨ ᠰᠤᠶᠤᠯ᠂ ᠤᠬᠠᠭᠤᠯᠭ᠎ᠠ ᠬᠦᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠠᠮᠤᠷ ᠲᠥᠪᠰᠢᠨ ᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ᠂ ᠪᠦᠬᠦ ᠬᠤᠰᠢᠭᠤᠨ ᠤ ᠴᠢᠨᠠᠷᠲᠡᠢ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠ ᠪᠡᠶ᠎ᠡ ᠶᠢᠨ ᠲᠠᠮᠢᠷ ᠤᠨ ᠲᠦᠷᠦᠯ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠠᠵᠢᠯ ᠢ ᠬᠠᠮᠢᠶᠠᠷᠤᠨ ᠵᠢᠯᠤᠭᠤᠳᠤᠨ᠎ᠠ᠃      ᠠᠷᠪᠠᠨ ᠵᠢᠷᠭᠤᠭ᠎ᠠ᠂ ᠭᠠᠳᠠᠭᠠᠲᠤ ᠲᠠᠢ ᠪᠡᠶ᠎ᠡ ᠶᠢᠨ ᠲᠠᠮᠢᠷ ᠤᠨ ᠬᠤᠷᠰᠢᠯᠴᠠᠭ᠎ᠠ ᠪᠠ ᠰᠤᠯᠢᠯᠴᠠᠭ᠎ᠠ ᠶᠢ ᠶᠠᠪᠤᠭᠳᠠᠭᠤᠯᠤᠨ᠎ᠠ᠃      ᠠᠷᠪᠠᠨ ᠳᠤᠯᠤᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ