ᠨᠢᠭᠡ᠂ ᠤᠯᠤᠰ᠂ ᠦᠪᠡᠷᠳᠡᠬᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠢ ᠬᠠᠤᠯᠢ | ᠴᠠᠭᠠᠵᠨ ᠬᠠᠤᠯᠢ ᠲᠦᠷᠢᠮ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠵᠠᠰᠠᠭ ᠤᠨ ᠤᠷᠳᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠤᠯᠠᠨ ᠨᠡᠶᠢᠲᠡ ᠶᠢᠨ ᠡᠬᠢ ᠪᠠᠶᠠᠯᠢᠭ ᠢ | ᠠᠷᠠᠯᠵᠢᠶᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠠᠷᠭ᠎ᠠ ᠠᠪᠴᠠᠯ᠂ ᠠᠵᠢᠯ ᠤᠨ ᠲᠦᠯᠤᠪᠯᠡᠭᠡ᠂ ᠪᠠᠷᠢᠮᠵᠢᠶ᠎ᠡ ᠪᠠᠷ | ᠲᠦᠷᠢᠮᠵᠢᠬᠦᠯᠬᠦ᠂ ᠲᠦᠬᠦᠷᠵᠢᠬᠦᠯᠬᠦ ᠲᠦᠷᠢᠮ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠰᠤᠮᠤ ᠪᠠᠯᠭᠠᠰᠤ᠂ ᠡᠯ᠎ᠡ | ᠰᠠᠯᠠᠭ᠎ᠠ ᠮᠦᠴᠢᠷ ᠤᠨ ᠬᠠᠮᠢᠶ᠎ᠠ ᠪᠦᠬᠦᠢ ᠠᠵᠢᠯ ᠢ ᠵᠢᠯᠤᠭᠤᠳᠤᠨ᠎ᠠ᠃ | ᠬᠤᠶᠡᠷ᠂《 ᠲᠠᠯᠪᠢᠬᠤ ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠵᠠᠰᠠᠭ ᠤᠨ ᠤᠷᠳᠤᠨ ᠤ | ᠲᠤᠰᠢᠶᠠᠯ ᠡᠬᠦᠷᠭᠡ ᠶᠢ ᠬᠤᠪᠢᠷᠠᠭᠤᠯᠬᠤ ᠪᠠ《ᠲᠠᠯᠪᠢᠬᠤ ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ ᠶᠢᠨ ᠲᠦᠷᠤ ᠶᠢᠨ ᠪᠤᠳᠤᠯᠭ᠎ᠠ ᠠᠷᠭ᠎ᠠ ᠠᠪᠴᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠳᠠ ᠬᠢᠵᠤ᠂ ᠬᠤᠯᠪᠤᠭᠳᠠᠯ ᠪᠦᠬᠦᠢ ᠠᠵᠢᠯ ᠤᠨ ᠰᠠᠨᠠᠭᠤᠯᠭ᠎ᠠ | ᠲᠤᠷᠠᠳᠤᠨ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠢ ᠵᠢᠯᠤᠭᠤᠳᠤᠨ ᠱᠠᠭᠠᠷᠳᠠᠵᠤ ᠬᠤᠯᠪᠤᠭᠳᠠᠯ ᠪᠦᠬᠦᠢ ᠦᠭᠡᠷᠡᠴᠢᠯᠡᠯᠳᠡ ᠶᠢᠨ ᠠᠷᠭ᠎ᠠ ᠠᠪᠴᠠᠯ ᠢ | ᠨᠠᠶᠢᠳᠠᠪᠤᠷᠢᠵᠢᠭᠤᠯᠬᠤ ᠶᠢ ᠵᠢᠯᠤᠭᠤᠳᠤᠨ ᠠᠬᠢᠭᠤᠯᠤᠨ᠎ᠠ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠲᠤᠰᠢᠶᠠᠯ ᠡᠬᠦᠷᠭᠡ ᠶᠢ ᠬᠤᠪᠢᠷᠠᠭᠤᠯᠬᠤ ᠪᠠ《ᠲᠠᠯᠪᠢᠬᠤ | ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ ᠶᠢ ᠵᠣᠬᠢᠴᠠᠭᠤᠯᠬᠤ ᠪᠠᠭ᠎ᠠ ᠲᠤᠭᠤᠶᠢᠯᠠᠩ ᠤᠨ ᠠᠯᠪᠠᠨ ᠬᠡᠷ ᠤᠨ ᠡᠳᠤᠷ ᠲᠤᠳᠤᠮ ᠤᠨ ᠠᠵᠢᠯ ᠢ ᠠᠬᠢᠭᠤᠯᠬᠤ ᠶᠢ | ᠡᠬᠦᠷᠭᠡᠯᠡᠨ᠎ᠡ᠃ | ᠭᠤᠷᠪᠠ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠡᠷᠭᠡ | ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯ ᠢ ᠪᠠᠷᠢᠮᠢᠶᠠᠵᠢᠭᠤᠯᠬᠤ᠂ ᠲᠦᠷᠢᠮᠵᠢᠬᠦᠯᠬᠦ ᠪᠠᠶᠢᠭᠤᠯᠤᠯᠳᠠ ᠵᠢᠴᠢ ᠬᠡᠷᠩᠯᠡᠭᠡᠨ ᠤ ᠠᠵᠢᠯ ᠢ ᠬᠠᠷᠢᠭᠤᠴᠠᠵᠤ᠂ | ᠵᠠᠰᠠᠭ ᠤᠨ ᠶᠠᠪᠤᠳᠠᠯ ᠤᠨ ᠶᠠᠪᠤᠴᠠ ᠶᠢ ᠰᠢᠯᠢᠳᠡᠭᠵᠢᠬᠦᠯᠬᠦ ᠶᠢ ᠵᠤᠬᠢᠴᠠᠭᠤᠯᠤᠨ ᠠᠬᠢᠭᠤᠯᠵᠤ᠂ ᠨᠢᠭᠡᠳᠤᠯᠳᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠤᠭᠳᠠᠯᠴᠠᠭ᠎ᠠ ᠶᠢ ᠪᠠᠶᠢᠭᠤᠯᠤᠨ᠎ᠠ᠃ ᠪᠦᠬᠦ ᠬᠤᠰᠢᠭᠤᠨ ᠤ《ᠢᠨᠲ᠋ᠧᠷ ᠰᠦᠯᠵᠢᠶ᠎ᠡ +ᠵᠠᠰᠠᠭ ᠤᠨ ᠶᠠᠪᠤᠳᠠᠯ ᠤᠨ ᠦᠢᠯᠡᠴᠢᠯᠡᠭᠡᠨ》 ᠢ ᠵᠤᠬᠢᠶᠠᠨ ᠪᠠᠶᠢᠭᠤᠯᠤᠨ | ᠬᠠᠮᠢᠶᠠᠷᠬᠤ ᠠᠵᠢᠯ ᠢ ᠬᠠᠷᠢᠭᠤᠴᠠᠵᠤ᠂ 《ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ》ᠬᠡᠷᠩᠯᠡᠭᠡᠨ ᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠬᠤ ᠠᠵᠢᠯ ᠢ ᠲᠦᠯᠬᠢᠨ ᠬᠡᠷᠩᠯᠡᠵᠤ᠂ ᠠᠷᠠᠤᠨ ᠲᠤ ᠲᠦᠬᠦᠮ ᠦᠵᠡᠬᠦᠯᠦᠨ ᠠᠵᠤ ᠠᠬᠤᠶᠢᠯᠠᠯ ᠳᠤ ᠠᠰᠢᠭᠳᠠᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠯᠪᠡᠷᠢ ᠶᠢ ᠨᠠᠶᠢᠳᠠᠪᠤᠷᠢᠵᠢᠭᠤᠯᠤᠨ᠎ᠠ᠃ | ᠲᠦᠷᠪᠡ᠂ ᠬᠤᠰᠢᠭᠤᠨ ᠤ ᠵᠠᠰᠠᠭ ᠤᠨ ᠤᠷᠳᠤᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠤᠯᠳᠠᠢ ᠲᠦᠯᠤᠪᠯᠡᠨ | ᠵᠢᠯᠤᠭᠤᠳᠤᠨ᠎ᠠ᠃ ᠪᠦᠬᠦ ᠬᠤᠰᠢᠭᠤᠨ ᠤ ᠨᠢᠭᠡ ᠴᠤᠭᠴᠠᠵᠢᠯᠲᠠ ᠶᠢᠨ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠡᠩ ᠢ ᠲᠦᠯᠤᠪᠵᠢᠬᠦᠯᠤᠨ | ᠪᠠᠶᠢᠭᠤᠯᠬᠤ᠂ ᠵᠤᠬᠢᠶᠠᠨ ᠪᠠᠶᠢᠭᠤᠯᠤᠨ ᠲᠦᠯᠬᠢᠨ ᠠᠬᠢᠭᠤᠯᠬᠤ᠂ ᠨᠢᠭᠡᠳᠤᠯᠳᠠᠢ ᠲᠦᠯᠤᠪᠯᠡᠨ ᠵᠤᠬᠢᠴᠠᠭᠤᠯᠬᠤ ᠪᠠ ᠬᠢᠨᠠᠯᠲᠠ ᠲᠠᠯᠪᠢᠵᠤ ᠵᠢᠯᠤᠭᠤᠤᠨᠬᠤ ᠠᠵᠢᠯ ᠢ | ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠲᠦᠯᠬᠢᠨ ᠠᠬᠢᠭᠤᠯᠬᠤ᠂ ᠵᠢᠭᠠᠨ ᠵᠢᠯᠤᠭᠤᠤᠨᠬᠤ᠂ ᠬᠠᠮᠵᠢᠯᠴᠠᠨ ᠵᠤᠬᠢᠴᠠᠭᠤᠯᠬᠤ | ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠲᠠᠪᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠬᠠᠷᠢᠭᠤᠴᠠᠨ᠎ᠠ᠃ ᠬᠠᠭᠤᠴᠢᠨ | ᠪᠠᠷᠭᠤ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠤᠳᠤᠷᠢᠤᠨᠬᠤ ᠪᠠᠭ᠎ᠠ ᠲᠤᠭᠤᠶᠢᠯᠠᠩ ᠤᠨ ᠠᠯᠪᠠᠨ ᠬᠡᠷ ᠤᠨ ᠡᠳᠤᠷ ᠲᠤᠳᠤᠮ ᠤᠨ ᠠᠵᠢᠯ ᠢ | ᠡᠬᠦᠷᠭᠡᠯᠡᠨ᠎ᠡ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠢ ᠵᠢᠯᠤᠭᠤᠤᠨᠬᠤ᠂ ᠬᠠᠮᠵᠢᠯᠴᠠᠨ ᠵᠤᠬᠢᠴᠠᠭᠤᠯᠬᠤ ᠬᠢᠨᠠᠯᠲᠠ ᠲᠠᠯᠪᠢᠵᠤ ᠂ ᠵᠠᠰᠠᠭ ᠤᠨ ᠤᠷᠳᠤᠨ ᠤ | ᠰᠤᠷᠠᠭ ᠵᠠᠩᠬᠢ ᠶᠢ ᠢᠯᠡ ᠪᠤᠯᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠦᠷᠨᠢᠬᠦᠯᠤᠨ᠎ᠡ᠃ | ᠵᠢᠷᠭᠤᠭ᠎ᠠ᠂ ᠪᠦᠬᠦ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠭᠠᠷᠴᠠᠭ᠂ ᠬᠠᠮᠢᠶᠠᠷᠬᠤ ᠲᠦᠷᠢᠮ ᠪᠠ ᠲᠤᠬᠠᠶᠢᠯᠠᠭᠰᠠᠨ ᠠᠵᠢᠯ ᠤᠨ ᠲᠦᠷᠢᠮ ᠢ ᠲᠤᠭᠳᠠᠭᠠᠨ᠎ᠠ᠃ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠡᠯᠧᠺᠲᠷᠣᠨ ᠬᠢᠨᠠᠨ ᠪᠠᠶᠢᠴᠠᠭᠠᠬᠤ ᠠᠵᠢᠯ ᠢ ᠬᠡᠷᠩᠵᠢᠬᠦᠯᠤᠨ᠎ᠡ᠃ ᠬᠤᠯᠪᠤᠭᠳᠠᠯ ᠪᠦᠬᠦᠢ ᠠᠵᠢᠯ ᠦᠢᠯᠡᠰ ᠤᠨ ᠬᠢᠨᠠᠨ | ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤ ᠪᠦᠬᠦ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠭᠤᠤᠯ ᠴᠤᠭᠴᠠ ᠶᠢᠨ ᠢᠳᠡᠬᠡᠮᠵᠢ ᠶᠢᠨ | ᠰᠤᠷᠠᠭ ᠵᠠᠩᠬᠢ ᠶᠢᠨ ᠬᠦᠮᠤᠷᠭᠡ ᠪᠠ ᠢᠳᠡᠬᠡᠮᠵᠢ ᠶᠢᠨ ᠦᠨᠡᠯᠡᠯᠳᠡ ᠶᠢᠨ ᠲᠤᠭᠳᠠᠯᠴᠠᠭ᠎ᠠ ᠶᠢ ᠪᠠᠶᠢᠭᠤᠯᠵᠤ᠂ ᠢᠳᠡᠬᠡᠮᠵᠢ ᠶᠢᠨ ᠬᠢᠨᠠᠨ ᠬᠠᠮᠢᠶᠠᠷᠤᠯᠳᠡ ᠶᠢ ᠲᠦᠯᠬᠢᠨ | ᠠᠬᠢᠭᠤᠯᠤᠨ᠂ ᠤᠯᠠᠨ ᠨᠡᠶᠢᠲᠡ ᠶᠢᠨ ᠡᠬᠢ ᠪᠠᠶᠠᠯᠢᠭ ᠤᠨ ᠬᠦᠷᠢᠶ᠎ᠡ ᠴᠠᠷᠠᠭᠠᠨ ᠤ ᠬᠦᠨᠳᠤ ᠰᠦᠷᠡᠬᠡᠢ ᠢᠳᠡᠭᠡᠮᠵᠢ ᠪᠠᠨ ᠠᠯᠳᠠᠭᠰᠠᠨ ᠭᠤᠤᠯ ᠴᠤᠭᠴᠠ ᠶᠢ ᠬᠤᠯᠪᠤᠭᠠᠯᠠᠨ | ᠵᠠᠯᠬᠠᠭᠠᠨ ᠴᠡᠬᠡᠷᠯᠡᠬᠦᠯᠬᠦ ᠶᠢ ᠦᠷᠨᠢᠬᠦᠯᠤᠨ᠎ᠡ᠃ ᠬᠠᠭᠤᠴᠢᠨ ᠪᠠᠷᠭᠤ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯ ᠤᠨ ᠬᠤᠯᠪᠤᠭᠠᠳᠤ | ᠬᠤᠷᠠᠯᠳᠤᠭᠠᠨ ᠤ ᠠᠯᠪᠠᠨ ᠬᠡᠷ ᠤᠨ ᠡᠳᠤᠷ ᠲᠤᠳᠤᠮ ᠤᠨ ᠠᠵᠢᠯ ᠢ ᠡᠬᠦᠷᠭᠡᠯᠡᠨ᠎ᠡ᠃ | ᠲᠤᠯᠤᠭ᠎ᠠ᠂ ᠪᠦᠬᠦ ᠬᠤᠰᠢᠭᠤᠨ ᠤ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠠᠵᠢᠯ ᠢ ᠵᠢᠯᠤᠭᠤᠳᠤᠨ᠎ᠠ᠃ ᠵᠠᠰᠠᠭ ᠤᠨ ᠤᠷᠳᠤᠨ ᠤ | ᠬᠤᠳᠠᠯᠳᠤᠨ ᠠᠪᠬᠤ ᠠᠷᠠᠯᠵᠢᠶᠠᠯᠠᠬᠤ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠪᠠ ᠬᠠᠤᠯᠢ ᠴᠠᠭᠠᠵᠨ ᠬᠠᠤᠯᠢ ᠲᠦᠷᠢᠮ ᠢ ᠲᠤᠤᠱᠯᠠᠭᠤᠯᠤᠨ ᠬᠡᠷᠩᠵᠢᠬᠦᠯᠤᠨ᠎ᠡ᠃ | ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠡᠯᠧᠺᠲᠷᠣᠨ ᠬᠢᠨᠠᠨ ᠪᠠᠶᠢᠴᠠᠭᠠᠬᠤ ᠠᠵᠢᠯ ᠢ ᠬᠡᠷᠩᠵᠢᠬᠦᠯᠤᠨ᠎ᠡ᠃ᠬᠤᠯᠪᠤᠭᠳᠠᠯ ᠪᠦᠬᠦᠢ ᠠᠵᠢᠯ | ᠲᠦᠷᠤᠯ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤ ᠪᠦᠬᠦ ᠬᠤᠰᠢᠭᠤᠨ ᠤ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠭᠤᠤᠯ | ᠴᠤᠭᠴᠠ ᠶᠢᠨ ᠢᠳᠡᠭᠡᠮᠵᠢ ᠶᠢᠨ ᠰᠤᠷᠠᠭ ᠵᠠᠩᠬᠢ ᠶᠢᠨ ᠬᠦᠮᠤᠷᠬᠡ ᠪᠠ ᠢᠳᠡᠭᠡᠮᠵᠢ ᠶᠢᠨ ᠦᠨᠡᠯᠡᠯᠳᠡ ᠶᠢᠨ ᠲᠤᠭᠳᠠᠯᠴᠠᠭ᠎ᠠ ᠶᠢ ᠪᠠᠶᠢᠭᠤᠯᠵᠤ᠂ ᠢᠳᠡᠭᠡᠮᠵᠢᠳᠤ ᠬᠢᠨᠠᠨ | ᠬᠠᠮᠢᠶᠠᠷᠬᠤ ᠶᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠦᠷᠢᠶ᠎ᠡ ᠴᠠᠷᠠᠭᠠᠨ ᠤ ᠬᠦᠨᠳᠤ ᠰᠦᠷᠡᠬᠡᠢ ᠢᠳᠡᠬᠡᠮᠵᠢ ᠪᠠᠨ ᠠᠯᠳᠠᠭᠰᠠᠨ | ᠭᠤᠤᠯ ᠴᠤᠭᠴᠠ ᠶᠢ ᠬᠤᠯᠪᠤᠭᠠᠠᠨ ᠵᠠᠯᠬᠠᠭᠠᠨ ᠰᠢᠢᠤᠨᠬᠡᠨᠡ᠃ | ᠨᠠᠢᠮᠠ᠂ ᠬᠤᠰᠢᠭᠤᠨ ᠤ ᠲᠤᠰ ᠱᠠᠳᠤᠨ ᠤ ᠵᠠᠰᠠᠭ ᠤᠨ ᠶᠠᠪᠤᠳᠠᠯ ᠤᠨ ᠪᠤᠳᠠᠳᠤ ᠴᠤᠭᠴᠠ ᠶᠢᠨ ᠶᠡᠭᠡ ᠲᠢᠩᠬᠢᠮ ᠤᠨ ᠡᠷᠬᠢᠯᠲᠡ ᠶᠢᠨ ᠠᠵᠢᠯ ᠢ ᠵᠢᠯᠤᠭᠤᠳᠤᠨ | ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠢᠴᠡᠤᠨᠬᠡᠬᠦ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ ᠬᠢᠨᠠᠨ ᠬᠠᠮᠢᠶᠠᠷᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠦᠨᠡᠯᠡᠯᠳᠡ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠬᠦ ᠶᠢ ᠬᠠᠷᠢᠭᠤᠴᠠᠨ᠎ᠠ᠃ | ᠶᠢᠰᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠡᠯᠧᠺᠲᠷᠣᠨ ᠵᠠᠰᠠᠭ ᠤᠨ ᠶᠠᠪᠤᠳᠠᠯ᠂ | ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠪᠠ ᠲᠦᠪᠯᠡᠷᠡᠬᠦᠯᠤᠨ ᠬᠤᠳᠠᠯᠳᠤᠨ ᠠᠪᠬᠤ ᠶᠢ ᠤᠷᠤᠯᠠᠬᠤ ᠠᠵᠢᠯ ᠤᠨ ᠡᠳᠤᠷ ᠲᠤᠳᠤᠮ ᠤᠨ ᠬᠢᠨᠠᠨ | ᠬᠠᠮᠢᠶᠠᠷᠬᠤ ᠪᠠ ᠤᠨ ᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠪᠠ ᠵᠠᠰᠠᠭ ᠤᠨ ᠶᠠᠪᠤᠳᠠᠯ ᠢ | ᠢᠯᠡ ᠪᠤᠯᠭᠠᠬᠤ ᠶᠢ ᠠᠰᠠᠭᠤᠨ ᠯᠠᠪᠯᠠᠬᠤ᠂ ᠵᠠᠭᠠᠯᠳᠤᠬᠤ᠂ ᠰᠠᠨᠠᠭᠤᠯᠬᠤ ᠠᠵᠢᠯ ᠢ ᠬᠦᠯᠢᠶᠡᠨ᠎ᠡ᠃ | ᠠᠷᠪᠠ ᠂ ᠬᠤᠰᠢᠭᠤᠨ ᠤ ᠵᠠᠰᠠᠭ ᠤᠨ ᠤᠷᠳᠤᠨ ᠤ ᠬᠠᠯᠠᠭᠤᠨ ᠤᠳᠠᠰᠤ ᠶᠢᠨ ᠠᠵᠢᠯ ᠢ ᠵᠢᠯᠤᠭᠤᠳᠤᠨ ᠠᠬᠢᠭᠤᠯᠬᠤ ᠶᠢ ᠬᠠᠷᠢᠭᠤᠴᠠᠨ᠎ᠠ᠃ | ᠠᠷᠪᠠᠨ ᠨᠢᠭᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠲᠠᠭᠠᠭᠠᠯᠭᠠᠭᠰᠠᠨ ᠪᠤᠰᠤᠤᠨ ᠡᠬᠦᠷᠭᠡ ᠶᠢ ᠬᠦᠢᠴᠡᠤᠨᠬᠡᠨ᠎ᠡ᠃ |