ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠬᠡᠰᠡᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ  ᠨᠢ ᠨᠡᠶᠢᠲᠡᠯᠡᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2025/1/23
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ    ᠥᠪᠥᠷ ᠵᠠᠰᠠᠭ ᠲᠠᠷᠬᠠᠭᠠᠭᠰᠠᠨ ︹2024︺ 38 ᠳ᠋ᠤᠭᠠᠷ ᠲᠣᠭᠠᠲᠤ    ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠬᠡᠰᠡᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ    ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠢᠲᠡᠯᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ ᠲᠤ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠵᠤ᠂ ᠳᠠᠬᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠨᠡᠶᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠠᠭ ᠲᠤᠬᠠᠶ ᠳᠤ ᠨᠢ ᠢᠯᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠲᠦᠭᠡᠢ᠃    2024 ᠣᠨ ᠤ 12 ᠳ᠋ᠤᠭᠠᠷ ᠰᠠᠷ᠎ᠠ ᠶᠢᠨ 31 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
D:\桌面\1月\1.23\旗文件\1\6387305407631878013118329.jpg
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ