ᠨᠢᠩ ᠳ᠋ᠧ ᠴᠢᠩ ︵1910-1945︶᠂ ᠤᠤᠯ ᠨᠡᠷ᠎ᠡ ᠨᠢ ᠨᠢᠩ ᠪᠢᠩ ᠱᠧᠨ᠂ ᠪᠤᠷᠤᠭᠤᠯᠠᠭᠰᠠᠨ ᠨᠡᠷ᠎ᠡ ᠨᠢ ᠶᠧ ᠮᠣᠣ᠂ ᠡᠷᠡᠭᠲᠡᠢ᠂ ᠬᠢᠲᠠᠳ | ᠦᠨᠳᠦᠰᠦᠲᠡᠨ᠂ ᠱᠠᠨ ᠰᠢ ᠮᠤᠵᠢ ᠶᠢᠨ ᠵᠢᠱᠠᠨ ᠰᠢᠶᠠᠨ ᠤ ᠬᠥᠮᠥᠨ᠂ ᠪᠢᠴᠢᠭ ᠤᠨ ᠰᠤᠷᠪᠤᠯᠵᠢᠲᠠᠨ ᠤ ᠭᠡᠷ ᠤᠨ ᠭᠠᠷᠤᠯ ᠲᠠᠢ᠃ ᠨᠢᠩ ᠳ᠋ᠧ ᠴᠢᠩ 1925 ᠣᠨ ᠳᠤ | ᠱᠠᠨ ᠰᠢ ᠮᠤᠵᠢ ᠶᠢᠨ ᠰᠢᠨᠵᠢᠶᠠᠩ ᠰᠢᠶᠠᠨ ᠤ ᠵᠢᠶᠠᠩᠶᠤᠸᠠᠨ ᠳᠤᠮᠳᠠᠳᠤ ᠰᠤᠷᠭᠠᠭᠤᠯᠢ ᠳᠤ ᠰᠤᠷᠤᠯᠴᠠᠪᠠ᠃ 1926 ᠣᠨ ᠳᠤ ᠳᠤᠮᠳᠠᠳᠤ ᠤᠯᠤᠰ ᠤᠨ | ᠭᠤᠮᠢᠨᠳᠠᠩ ᠳᠤ ᠣᠷᠣᠪᠠ᠃ 1929 ᠣᠨ ᠳᠤ ᠲᠡᠷᠡ ᠱᠠᠨ ᠰᠢ ᠮᠤᠵᠢ ᠶᠢᠨ ᠲᠠᠶᠢᠶᠤᠸᠠᠨ ᠬᠤᠲᠠ ᠶᠢᠨ ᠶᠢᠨ ᠱᠠᠨ ᠦᠨᠳᠦᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠤᠷᠤᠯᠴᠠᠵᠤ᠂ ᠵᠠᠷᠢᠮ ᠳᠠᠪᠰᠢᠩᠭᠤᠢ ᠨᠣᠮ ᠰᠡᠳᠬᠦᠯ ᠤᠳ ᠢ ᠣᠩᠰᠢᠵᠤ ᠳᠠᠪᠰᠢᠩᠭᠤᠢ ᠦᠵᠡᠯ ᠰᠠᠨᠠᠭ᠎ᠠ ᠶᠢ ᠬᠦᠯᠢᠶᠡᠨ ᠠᠪᠴᠠᠢ᠃ 1931 | ᠣᠨ ᠳᠤ ᠪᠠᠶᠢᠫᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠯᠪᠤᠷᠢ ᠳᠤ ᠰᠢᠯᠭᠠᠨ ᠣᠷᠤᠵᠤ᠂ ᠰᠤᠷᠤᠭᠴᠢᠳ ᠤᠨ ᠡᠬᠡ ᠣᠷᠣᠨᠴᠢ | ᠬᠥᠳᠡᠯᠭᠡᠭᠡᠨ ᠤ ᠨᠥᠯᠥᠭᠡ ᠶᠢ ᠬᠦᠷᠲᠡᠵᠡᠢ᠃ 1935 ᠣᠨ ᠳᠤ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠲᠠᠶᠢᠶᠤᠸᠠᠨ ᠳᠠᠭᠠᠨ ᠪᠤᠴᠠᠵᠤ᠂ ᠮᠠᠨ ᠤ | ᠨᠠᠮ ᠤᠨ ᠡᠵᠡᠮᠰᠢᠵᠦ ᠪᠠᠶᠢᠭᠰᠠᠨ ᠲᠠᠶᠢᠶᠤᠸᠠᠨ ᠤ ᠴᠧᠩ ᠴᠧᠩ ᠳᠤᠮᠳᠠᠳᠤ ᠰᠤᠷᠭᠠᠭᠤᠯᠢ ᠳᠤ ᠪᠠᠭᠰᠢᠯᠠᠪᠠ᠃ 1937 ᠣᠨ ᠤ 8 ᠳ᠋ᠤᠭᠠᠷ ᠰᠠᠷ᠎ᠠ ᠳᠤ ᠳᠤᠮᠳᠠᠳᠤ | ᠤᠯᠤᠰ ᠤᠨ ᠡᠪ ᠬᠠᠮᠳᠤ ᠨᠠᠮ ᠳᠤ ᠣᠷᠤᠪᠠ᠃ | 1937 ᠣᠨ ᠤ 9 ᠳ᠋ᠤᠭᠡᠷ ᠰᠠᠷ᠎ᠠ ᠳᠤ᠂ ᠶᠠᠫᠤᠨ ᠤ ᠨᠢᠰᠬᠡᠯ ᠲᠠᠶᠢᠶᠤᠸᠠᠨ ᠢ ᠳᠡᠯᠪᠡᠴᠢᠭᠰᠡᠨ ᠤ ᠲᠠᠷᠠᠭ᠎ᠠ᠂ ᠨᠢᠩ ᠳ᠋ᠧ ᠴᠢᠩ ᠴᠧᠩ ᠴᠧᠩ ᠳᠤᠮᠳᠠᠳᠤ | ᠰᠤᠷᠭᠠᠭᠤᠯᠢ ᠶᠢᠨ ᠪᠠᠭᠰᠢ ᠰᠤᠷᠤᠭᠴᠢᠳ ᠢ ᠲᠠᠭᠠᠵᠤ ᠲᠠᠶᠢᠶᠤᠸᠠᠨ ᠠᠴᠠ ᠤᠬᠤᠷᠢᠨ ᠭᠠᠷᠪᠠ᠃ 10 ᠳ᠋ᠤᠭᠠᠷ ᠰᠠᠷ᠎ᠠ ᠶᠢᠨ ᠳᠤᠮᠳᠠᠴᠢ ᠪᠠᠷ᠂ ᠴᠧᠩ ᠴᠧᠩ ᠳᠤᠮᠳᠠᠳᠤ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠶᠠᠫᠤᠨ ᠢ ᠡᠰᠡᠷᠭᠦᠴᠡᠬᠦ ᠵᠢᠷᠤᠮ ᠤᠨ ᠠᠩᠭᠢ ᠪᠠᠶᠢᠭᠤᠯᠤᠭᠳᠠᠪᠠ᠃ 11 ᠳ᠋ᠤᠭᠡᠷ ᠰᠠᠷ᠎ᠠ ᠳᠤ᠂ ᠶᠠᠫᠤᠨ ᠢ ᠡᠰᠡᠷᠭᠦᠴᠡᠬᠦ | ᠵᠢᠷᠤᠮ ᠤᠨ ᠠᠩᠭᠢ ᠶᠢ ᠵᠢᠩᠬᠢᠨᠢ ᠪᠠᠷ ᠬᠤᠶᠠᠳᠤᠭᠠᠷ ᠪᠠᠶᠢᠯᠳᠤᠭᠠᠨ ᠤ ᠲᠣᠭᠤᠷᠢᠭ ᠤᠨ ᠦᠨᠳᠦᠰᠦᠲᠡᠨ ᠤ ᠬᠤᠪᠢᠰᠬᠠᠯᠲᠤ ᠳᠠᠶᠢᠨ ᠤ ᠪᠠᠶᠢᠯᠳᠤᠭᠠᠨ ᠤ ᠭᠠᠵᠠᠷ ᠤᠨ | ᠶᠡᠷᠦᠩᠬᠡᠢ ᠳᠠᠶᠢᠴᠢᠯᠠᠯᠲᠠ ᠶᠢᠨ ᠺᠣᠮᠢᠰ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠳᠥᠷᠪᠡᠳᠦᠭᠡᠷ ᠰᠠᠯᠪᠤᠷᠢ ᠠᠩᠭᠢ ᠪᠣᠯᠭᠠᠨ ᠴᠡᠭᠴᠡᠯᠡᠨ ᠪᠠᠶᠢᠭᠤᠯᠵᠤ᠂ | ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠯᠢᠦ ᠶᠦ᠋ᠩ ᠷᠦ ᠰᠠᠯᠪᠤᠷᠢ ᠠᠩᠭᠢ ᠶᠢᠨ ᠳᠠᠷᠤᠭ᠎ᠠ ᠶᠢᠨ ᠲᠤᠰᠢᠶᠠᠯ ᠢ | ᠬᠠᠷᠢᠭᠤᠴᠠᠵᠤ᠂ ᠨᠢᠩ ᠳ᠋ᠧ ᠴᠢᠩ ᠤᠯᠤᠰ ᠲᠦᠷᠥ ᠶᠢᠨ ᠭᠠᠵᠠᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃ 1938 ᠣᠨ ᠳᠤ ᠴᠧᠩ ᠴᠧᠩ ᠳᠤᠮᠳᠠᠳᠤ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠰᠠᠯᠪᠤᠷᠢ ᠠᠩᠭᠢ ᠪᠠ ᠨᠠᠢᠮᠠᠳᠤᠭᠠᠷ ᠵᠠᠮ ᠤᠨ ᠴᠡᠷᠢᠭ ᠤᠨ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠬᠠᠮᠲᠤ ᠪᠠᠷ | ᠰᠦᠢᠶᠤᠸᠠᠨ ᠤ ᠳᠠᠶᠢᠰᠤᠨ ᠤ ᠡᠵᠡᠯᠡᠭᠰᠡᠨ ᠣᠷᠣᠨ ᠳᠤ ᠳᠦᠷᠢᠨ ᠤᠷᠤᠵᠤ᠂ ᠨᠢᠩ ᠳ᠋ᠧ ᠴᠢᠩ ᠴᠦ ᠠᠩᠭᠢ ᠪᠠᠨ ᠲᠠᠭᠠᠵᠤ ᠲᠠᠯᠠᠨ ᠬᠠᠷ᠎ᠠ ᠠᠭᠤᠯᠠᠨ ᠳᠤ ᠢᠷᠡᠪᠡ᠃ | 1939 ᠣᠨ ᠤ 5 ᠳ᠋ᠤᠭᠠᠷ ᠰᠠᠷ᠎ᠠ ᠳᠤ᠂ ᠨᠢᠩ ᠳ᠋ᠧ ᠴᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠮᠤᠵᠢ ᠶᠢᠨ ᠬᠤᠷᠢᠶ᠎ᠠ ᠶᠢᠨ | ᠲᠣᠮᠢᠯᠠᠯᠲᠠ ᠪᠠᠷ ᠬᠥᠬᠡᠬᠤᠲᠠ ᠳᠤ ᠬᠦᠷᠴᠦ᠂ ᠨᠢᠭᠤᠴᠠ ᠲᠡᠮᠡᠴᠡᠯ ᠢ ᠤᠳᠤᠷᠢᠳᠴᠤ᠂ ︽ᠰᠦᠢᠶᠤᠸᠠᠨ ᠮᠣᠩᠭᠤᠯ ᠤᠨ ᠡᠯ᠎ᠡ ᠡᠲᠡᠭᠡᠳ ᠤᠨ ᠶᠠᠫᠤᠨ ᠢ ᠡᠰᠡᠷᠭᠦᠴᠡᠵᠦ | ᠤᠯᠤᠰ ᠢᠶᠠᠨ ᠠᠪᠤᠷᠠᠬᠤ ᠬᠤᠷᠠᠯ︾ ᠢ ᠵᠣᠬᠢᠶᠠᠨ ᠪᠠᠶᠢᠭᠤᠯᠵᠤ᠂ ᠴᠡᠷᠢᠭ ᠠᠩᠭᠢ ᠶᠢᠨ ᠴᠡᠷᠢᠭ ᠳᠠᠶᠢᠨ ᠤ ᠲᠡᠮᠡᠴᠡᠯ ᠪᠠ ᠫᠠᠷᠲ᠋ᠢᠽᠠᠨ ᠤ ᠣᠷᠣᠨ ᠤ ᠠᠵᠢᠯ ᠳᠤ ᠨᠢᠭᠲᠠ | ᠬᠠᠮᠵᠢᠯᠴᠠᠪᠠ᠃ 1940 ᠣᠨ ᠤ ᠡᠬᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠶᠢᠨ ᠠᠵᠢᠯᠯᠠᠬᠤ ᠬᠤᠷᠢᠶ᠎ᠠ ᠶᠢ ᠪᠠᠶᠢᠭᠤᠯᠵᠤ᠂ ᠨᠢᠩ ᠳ᠋ᠧ | ᠴᠢᠩ ᠱᠦᠵᠢ ᠶᠢᠨ ᠲᠤᠰᠢᠶᠠᠯ ᠢ ᠬᠠᠷᠢᠭᠤᠴᠠᠪᠠ᠃ 8 ᠳ᠋ᠤᠭᠠᠷ ᠰᠠᠷ᠎ᠠ ᠳᠤ᠂ ︽ᠰᠦᠢᠶᠤᠸᠠᠨ ᠮᠣᠩᠭᠤᠯ ᠤᠨ ᠡᠯ᠎ᠡ ᠡᠲᠡᠭᠡᠳ ᠤᠨ ᠶᠠᠫᠤᠨ ᠢ ᠡᠰᠡᠷᠭᠦᠴᠡᠵᠦ | ᠤᠯᠤᠰ ᠢᠶᠠᠨ ᠠᠪᠤᠷᠠᠬᠤ ᠬᠤᠷᠠᠯ︾ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠶᠢᠨ ᠠᠵᠢᠯ ᠤᠨ ᠬᠤᠷᠢᠶ᠎ᠠ ᠡᠪᠳᠡᠯᠡᠭᠡ ᠳᠤ ᠤᠴᠠᠷᠠᠬᠤ ᠦᠶ᠎ᠡ ᠳᠤ᠂ | ᠨᠢᠩ ᠳ᠋ᠧ ᠴᠢᠩ ᠨᠠᠷ ᠯᠢᠦ ᠬᠤᠩ ᠰᠢᠶᠦ᠋ᠩ ᠤᠨ ᠨᠠᠷᠢᠨ ᠨᠢᠮᠪᠠᠢ ᠲᠣᠬᠢᠷᠠᠭᠤᠯᠭ᠎ᠠ ᠪᠠᠷ ᠬᠥᠬᠡᠬᠤᠲᠠ ᠠᠴᠠ ᠠᠮᠤᠷ ᠲᠦᠪᠰᠢᠨ ᠢᠶᠠᠷ ᠤᠬᠤᠷᠢᠨ ᠭᠠᠷᠪᠠ᠃ ᠤᠳᠠᠯ | ᠦᠭᠡᠢ ᠰᠦᠢᠰᠢ ︵ᠰᠦᠢᠶᠤᠸᠠᠨ ᠤ ᠪᠠᠷᠠᠭᠤᠨ ᠣᠷᠣᠨ︶ ᠳᠤ ᠬᠦᠷᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠰᠢ ︵ᠰᠦᠢᠶᠤᠸᠠᠨ ᠤ ᠪᠠᠷᠠᠭᠤᠨ | ᠣᠷᠣᠨ︶ ᠶᠢᠨ ᠣᠷᠣᠨ ᠨᠤᠲᠤᠭ ᠤᠨ ᠬᠤᠷᠢᠶ᠎ᠠ ᠶᠢᠨ ᠨᠡᠶᠢᠭᠡᠮ ᠤᠨ ᠬᠡᠯᠲᠡᠰ ᠤᠨ ᠳᠠᠷᠤᠭ᠎ᠠ᠂ ᠰᠦᠢᠶᠤᠸᠠᠨ ᠴᠠᠬᠠᠷ ᠤᠨ ᠲᠤᠰᠠᠭᠠᠷ ᠬᠤᠶᠠᠳᠤᠭᠠᠷ ᠰᠠᠯᠪᠤᠷᠢ | ᠠᠩᠭᠢ ᠶᠢᠨ ᠳᠡᠳ᠋ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1942 ᠣᠨ ᠳᠤ᠂ ᠨᠢᠩ ᠳ᠋ᠧ ᠴᠢᠩ ᠳᠠᠯᠠᠨ ᠬᠠᠷ᠎ᠠ ᠠᠭᠤᠯᠠ ᠶᠢᠨ ᠨᠢᠭᠤᠴᠠ | ᠮᠡᠳᠡᠭᠡ ᠶᠢᠨ ᠵᠥᠪᠯᠡᠯ ᠤᠨ ᠭᠡᠰᠢᠭᠦᠨ ᠪᠥᠭᠡᠳ ᠤᠯᠤᠰ ᠲᠦᠷᠦ ᠶᠢᠨ ᠨᠢᠭᠤᠴᠠ ᠮᠡᠳᠡᠭᠡ ᠶᠢᠨ ᠰᠠᠯᠠᠭ᠎ᠠ ᠶᠢᠨ ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ | 8 ᠳ᠋ᠤᠭᠠᠷ ᠰᠠᠷ᠎ᠠ ᠳᠤ᠂ ᠳᠠᠯᠠᠨ ᠬᠠᠷ᠎ᠠ ᠠᠭᠤᠯᠠ ᠶᠢᠨ ᠮᠣᠷᠢᠲᠤ ᠴᠡᠷᠢᠭ ᠤᠨ ᠰᠠᠯᠪᠤᠷᠢ ᠠᠩᠭᠢ ᠶᠢ ᠲᠠᠭᠠᠨ ᠱᠠᠨ ᠰᠢ ᠶᠢᠨ ᠪᠠᠷᠠᠭᠤᠨ ᠬᠤᠶᠢᠲᠤ ᠬᠡᠰᠡᠭ ᠤᠨ ᠫᠢᠶᠠᠨ | ᠭᠤᠸᠠᠨ ᠳᠤ ᠪᠤᠴᠠᠪᠠ᠃ 10 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠱᠠᠨ ᠰᠢ ᠰᠦᠢᠶᠤᠸᠠᠨ ᠤ ᠪᠠᠶᠢᠴᠠᠭᠠᠬᠤ | ᠲᠣᠪᠴᠢᠶᠠᠨ ᠤ ᠲᠠᠯᠠᠨ ᠬᠠᠷ᠎ᠠ ᠠᠭᠤᠯᠠ ᠶᠢᠨ ᠨᠢᠭᠤᠴᠠ ᠮᠡᠳᠡᠭᠡ ᠶᠢᠨ ᠭᠠᠵᠠᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1943 ᠣᠨ ᠳᠤ᠂ ᠪᠠᠰᠠ | ᠰᠠᠶᠢᠪᠸᠢ ︵ᠠᠷᠤ ᠭᠠᠵᠠᠷ ᠪᠣᠶᠣ ᠪᠣᠭᠤᠮᠳᠠ ᠶᠢᠨ ᠠᠷᠤ︶ ᠣᠷᠣᠨ ᠤ ᠠᠷᠠᠯᠵᠢᠶᠠᠨ ᠤ ᠲᠣᠪᠴᠢᠶ᠎ᠠ ᠶᠢᠨ ᠲᠣᠪᠴᠢᠶᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ | 1945 ᠣᠨ ᠳᠤ᠂ ᠠᠵᠢᠯ ᠨᠢ ᠬᠡᠲᠦᠷᠬᠡᠢ ᠶᠠᠭᠠᠷᠠᠯᠲᠠᠢ᠂ ᠶᠠᠳᠠᠷᠠᠵᠤ ᠵᠦᠳᠡᠷᠡᠭᠰᠡᠨ ᠠᠴᠠ ᠪᠣᠯᠵᠤ ᠡᠪᠡᠳᠴᠢᠯᠡᠭᠡᠳ ᠶᠠᠫᠤᠨ ᠤ ᠨᠥᠬᠦᠴᠡᠯ ᠦᠭᠡᠢ ᠪᠠᠷ ᠪᠠᠭᠤᠵᠤ | ᠥᠭᠬᠦ ᠪᠠᠷ ᠵᠠᠷᠯᠠᠬᠤ ᠶᠢᠨ ᠡᠮᠦᠨ᠎ᠡ ᠡᠳᠦᠷ᠂ 8 ᠳ᠋ᠤᠭᠠᠷ ᠰᠠᠷ᠎ᠠ ᠶᠢᠨ 13 ᠤ ᠡᠳᠦᠷ ᠫᠢᠶᠠᠨ ᠭᠤᠸᠠᠨ ᠳᠤ ᠡᠪᠡᠳᠴᠢᠨ ᠢᠶᠠᠷ ᠨᠠᠰᠤ ᠪᠠᠷᠠᠪᠠ᠂ ᠲᠤᠬᠠᠢ ᠶᠢᠨ ᠵᠢᠯ 35 | ᠨᠠᠰᠤᠲᠠᠢ᠃ ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠬᠡ︾ ︵ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 1999 | ᠣᠨ ᠤ ᠬᠡᠪᠯᠡᠯ︶ ᠠᠴᠠ ᠣᠷᠴᠢᠭᠤᠯᠪᠠ | | |