| | ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ ᠨᠢ ᠢᠳᠡᠭᠡᠨ ᠤ ᠠᠮᠤᠷ ᠲᠦᠪᠰᠢᠨ ᠪᠠ ᠠᠷᠠᠳ ᠢᠷᠭᠡᠳ ᠤᠨ ᠡᠷᠡᠭᠦᠯ ᠮᠡᠨᠳᠦ ᠲᠠᠢ ᠰᠢᠭᠤᠤᠨ ᠬᠤᠯᠪᠣᠭᠳᠠᠨ᠎ᠠ᠃ | ᠨᠡᠮᠡᠯᠲᠡ ᠡᠳ᠋ ᠤᠨ ᠤᠯᠤᠰ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠪᠣᠯ ᠲᠤᠶᠢᠯ ᠤᠨ ᠴᠢᠬᠤᠯᠠ ᠶᠠᠪᠤᠳᠠᠯ ᠪᠤᠯᠬᠤ ᠶᠤᠮ᠃ ᠰᠢᠨ᠎ᠡ ᠬᠡᠪᠯᠡᠯ ᠤᠨ ︽ | ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠳᠤ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾ ︵GB 2760 ︱ 2024︶ ᠶᠢ | 2025 ᠣᠨ ᠤ 2 ᠰᠠᠷ᠎ᠠ ᠶᠢᠨ 8 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ 10 ᠵᠢᠯ ᠬᠡᠷᠡᠭᠯᠡᠭᠰᠡᠨ 2014 ᠣᠨ ᠤ ᠬᠡᠪᠯᠡᠯ ᠤᠨ ᠪᠠᠷᠢᠮᠵᠢᠶ᠎ᠠ ᠶᠢ | ᠨᠢᠭᠡᠨᠲᠡ ᠬᠦᠴᠦᠨ ᠦᠭᠡᠢ ᠪᠣᠯᠭᠠᠪᠠ᠃ ᠲᠣᠰ ᠡᠳᠦᠷ ᠠᠴᠠ ᠡᠬᠢᠯᠡᠨ᠂ ᠡᠯ᠎ᠡ ᠲᠥᠷᠥᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠳ ᠡᠷᠬᠡᠪᠰᠢ ᠰᠢᠨ᠎ᠡ | ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠢᠳᠡᠭᠡᠨ ᠤ ᠨᠡᠮᠡᠯᠲᠡ ᠡᠳ᠋ ᠢ ᠬᠡᠷᠡᠭᠯᠡᠵᠦ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠬᠦ ᠶᠢ | ᠰᠡᠷᠭᠡᠶᠢᠯᠡᠬᠦ ᠬᠡᠷᠡᠭᠲᠡᠢ᠃ ᠲᠡᠭᠡᠪᠡᠯ᠂ ᠰᠢᠨ᠎ᠡ ᠬᠡᠪᠯᠡᠯ ᠤᠨ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠳᠤ ᠢᠳᠡᠭᠡᠨ ᠤ ᠨᠡᠮᠡᠯᠲᠡ ᠡᠳ᠋ ᠤᠨ | ᠬᠡᠷᠡᠭᠯᠡᠯᠲᠡ ᠶᠢᠨ ᠪᠠᠷᠢᠮᠵᠢᠶ᠎ᠠ︾ ᠳᠤ ᠶᠠᠮᠠᠷ ᠵᠠᠰᠠᠪᠤᠷᠢ ᠬᠢᠭᠰᠡᠨ ᠲᠤᠬᠠᠢ ᠪᠢᠳᠡ ᠬᠠᠮᠲᠤ ᠪᠠᠷ ᠤᠶᠢᠯᠠᠭᠠᠵᠠᠭᠠᠶ᠎ᠠ᠃ | 【ᠳᠡᠯᠭᠡᠴᠡ ᠶᠢᠨ ᠦᠰᠦᠭ】 ᠰᠢᠨ᠎ᠡ ᠬᠡᠪᠯᠡᠯ ᠤᠨ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠳᠤ ᠢᠳᠡᠭᠡᠨ ᠤ ᠨᠡᠮᠡᠯᠲᠡ ᠡᠳ᠋ ᠤᠨ | ᠬᠡᠷᠡᠭᠯᠡᠯᠲᠡ ᠶᠢᠨ ᠪᠠᠷᠢᠮᠵᠢᠶ᠎ᠠ︾ | ᠢᠳᠡᠭᠡᠨ ᠤ ᠨᠡᠮᠡᠯᠲᠡ ᠡᠳ᠋ ᠤᠨ ᠲᠣᠮᠢᠶᠠᠯᠠᠯ ᠳᠤ ᠵᠠᠰᠠᠪᠤᠷᠢ ᠣᠷᠣᠭᠤᠯᠵᠤ᠂ 2015 ᠣᠨ ᠳᠤ ᠬᠡᠷᠡᠭᠵᠢᠭᠦᠯᠦᠭᠰᠡᠨ ᠢᠳᠡᠭᠡᠨ ᠤ ᠠᠮᠤᠷ ᠲᠦᠪᠰᠢᠨ ᠤ ᠬᠠᠤᠯᠢ ᠶᠢ | ᠦᠨᠳᠦᠰᠦᠯᠡᠨ᠂ ᠢᠳᠡᠭᠡᠨ ᠤ ᠨᠡᠮᠡᠯᠲᠡ ᠡᠳ᠋ ᠤᠨ ᠲᠣᠮᠢᠶᠠᠯᠠᠯ ᠳᠤ ᠰᠢᠮ᠎ᠡ ᠲᠡᠵᠢᠭᠡᠯ ᠢ ᠴᠢᠩᠭᠠᠷᠠᠭᠤᠯᠬᠤ ᠡᠳ᠋ ᠠᠭᠤᠯᠤᠭᠰᠠᠨ ᠠᠭᠤᠯᠭ᠎ᠠ ᠶᠢ ᠨᠡᠮᠡᠪᠡ︔ | ᠬᠡᠰᠡᠭ ᠢᠳᠡᠭᠡᠨ ᠤ ᠨᠡᠮᠡᠯᠲᠡ ᠡᠳ᠋ ᠤᠨ ᠲᠥᠷᠥᠯ ᠵᠦᠢᠯ ᠪᠤᠶᠤ ᠬᠡᠷᠡᠭᠯᠡᠬᠦ ᠲᠣᠭᠲᠠᠭᠠᠯ ᠳᠤ ᠵᠠᠰᠠᠪᠤᠷᠢ ᠣᠷᠣᠭᠤᠯᠪᠠ ︔ | ᠬᠡᠰᠡᠭ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠱᠠᠭᠠᠷᠳᠠᠯᠭ᠎ᠠ ᠳᠤ ᠵᠠᠰᠠᠪᠤᠷᠢ ᠣᠷᠣᠭᠤᠯᠪᠠ︔ | ᠬᠦᠬᠦᠷ ᠤᠨ ᠳᠠᠪᠬᠤᠷ ᠢᠰᠦᠯ᠂ ᠺᠠᠷᠠ ᠴᠠᠪᠠᠤ᠂ ᠭᠤᠸᠠᠯ ᠴᠠᠪᠠᠤ᠂ ᠤᠰᠤᠲᠥ᠋ᠷᠥᠭᠴᠢ ᠠᠯᠲᠠᠮᠠᠯ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ᠵᠡᠷᠭᠡ ᠶᠢ | ᠬᠡᠷᠡᠭᠯᠡᠬᠦ ᠲᠣᠭᠲᠠᠭᠠᠯ ᠳᠤ ᠵᠠᠰᠠᠪᠤᠷᠢ ᠣᠷᠣᠭᠤᠯᠪᠠ︔ | ᠢᠳᠡᠭᠡᠨ ᠳᠤ ᠬᠡᠷᠡᠭᠯᠡᠬᠦ ᠦᠨᠦᠷᠲᠦ ᠡᠳ᠋᠂ ᠦᠨᠦᠷ ᠤᠨ ᠤᠭᠢ ᠶᠢ ᠬᠡᠷᠡᠭᠯᠡᠬᠦ ᠵᠠᠷᠴᠢᠮ ᠳᠤ ᠵᠠᠰᠠᠪᠤᠷᠢ ᠣᠷᠣᠭᠤᠯᠪᠠ ︔ | ᠬᠡᠰᠡᠭ ᠢᠳᠡᠭᠡᠨ ᠳᠤ ᠬᠡᠷᠡᠭᠯᠡᠬᠦ ᠦᠨᠦᠷᠲᠦ ᠡᠳ᠋ ᠤᠨ ᠲᠥᠷᠥᠯ ᠵᠦᠢᠯ ᠢ ᠵᠠᠰᠠᠵᠤ ᠲᠡᠭᠦᠯᠳᠡᠷᠵᠢᠭᠦᠯᠪᠡ ︔ | ᠬᠡᠰᠡᠭ ᠢᠳᠡᠭᠡᠨ ᠤ ᠠᠵᠤ ᠦᠢᠯᠡᠳᠪᠦᠷᠢ ᠳᠤ ᠬᠡᠷᠡᠭᠯᠡᠬᠦ ᠪᠣᠯᠪᠠᠰᠤᠷᠠᠭᠤᠯᠬᠤ ᠲᠤᠰᠠᠯᠠᠬᠤ ᠡᠳ᠋ ᠤᠨ ᠲᠦᠷᠦᠯ ᠵᠦᠢᠯ ᠢ ᠬᠠᠰᠤᠵᠤ ᠬᠠᠶᠠᠪᠠ ︔ | ᠬᠡᠰᠡᠭ ᠪᠣᠯᠪᠠᠰᠤᠷᠠᠭᠤᠯᠬᠤ ᠳᠤ ᠲᠤᠰᠠᠯᠠᠬᠤ ᠡᠳ᠋ ᠤᠨ ᠲᠥᠷᠥᠯ ᠵᠦᠢᠯ ᠪᠠ ᠬᠡᠷᠡᠭᠯᠡᠬᠦ ᠲᠣᠭᠲᠠᠭᠠᠯ ᠳᠤ ᠵᠠᠰᠠᠪᠤᠷᠢ ᠣᠷᠣᠭᠤᠯᠪᠠ ︔ | ᠬᠡᠰᠡᠭ ᠢᠳᠡᠭᠡᠨ ᠤ ᠲᠥᠷᠥᠯ ᠵᠦᠢᠯ ᠳᠤ ᠵᠠᠰᠠᠪᠤᠷᠢ ᠣᠷᠣᠭᠤᠯᠪᠠ ︔ | ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠢ᠃ | | | | | | | | |