︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠦᠢᠯᠡᠰ ᠤᠨ ᠭᠠᠷᠴᠠᠭ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/27
       ᠥᠪᠥᠷ ᠰᠤᠷᠭᠠᠨ ᠠᠯᠪᠠᠨ ᠲᠠᠷᠬᠠᠭᠠᠭᠰᠠᠨ ︹2024︺ 40 ᠳ᠋ᠦ᠋ᠭᠡᠷ ᠲᠣᠭᠠᠲᠤ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ᠂ ᠡᠯ᠎ᠡ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠳᠤ᠄       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠲᠢᠩᠬᠢᠮ ᠤᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠦᠢᠯᠡᠰ ᠤᠨ ᠭᠠᠷᠴᠠᠭ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠪᠠ᠂ ᠡᠯ᠎ᠡ ᠭᠠᠵᠠᠷ ᠲᠠᠰᠤᠭ᠂ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠨ᠂ ᠪᠣᠳᠠᠲᠠᠢ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠢᠯᠡ ᠪᠣᠯᠭᠠᠬᠤ ᠶᠣᠰᠣᠲᠠᠢ ᠪᠦᠬᠦᠨ ᠢ ᠢᠯᠡ ᠪᠣᠯᠭᠠᠬᠤ ᠶᠢᠨ ᠬᠠᠮᠲᠤ ᠮᠡᠳᠡᠭᠡ ᠵᠠᠩᠭᠢ ᠶᠢ ᠰᠢᠨᠡᠳᠬᠡᠬᠦ ᠪᠠ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                           2024 ᠣᠨ ᠤ 12 ᠰᠠᠷ᠎ᠠ ᠶᠢᠨ 14 ᠤ ᠡᠳᠦᠷ ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠦᠢᠯᠡᠰ ᠤᠨ ᠭᠠᠷᠴᠠᠭ ︵ᠲᠤᠷᠰᠢᠨ ᠬᠡᠷᠡᠭᠵᠢᠭᠦᠯᠬᠦ︶᠂ xls    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ