2021 ᠣᠨ ᠳᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠳᠤ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠬᠠᠨ ᠣᠷᠣᠭᠤᠯᠤᠨ᠎ᠠ | ᠭᠡᠵᠦ ᠲᠣᠳᠣᠷᠬᠠᠢ ᠳᠤᠷᠠᠳᠴᠠᠢ᠃ | ᠡᠭᠦᠨᠴᠡ ᠰᠤᠷᠭᠠᠨ ᠬᠥᠮᠦᠵᠢᠯ ᠤᠨ ᠶᠠᠮᠤᠨ ᠠᠴᠠ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ | ᠰᠢᠰᠲ᠋ᠧᠮ ᠪᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠢᠨᠵᠧᠨᠧᠷᠢᠩ ᠳᠤ ᠣᠷᠣᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠪᠣᠳᠠᠰ ᠤᠨ ᠪᠤᠰᠤ | ᠰᠣᠶᠣᠯ ᠤᠨ ᠥᠪ ᠤᠨ ᠴᠢᠳᠠᠪᠤᠷᠢᠲᠠᠨ ᠢ ᠬᠥᠮᠥᠵᠢᠭᠦᠯᠬᠦ ᠶᠠᠪᠤᠳᠠᠯ ᠢ ᠤᠯᠤᠰ ᠤᠨ ᠪᠣᠳᠣᠯᠭ᠎ᠠ ᠶᠢᠨ ᠴᠢᠬᠤᠯᠠ ᠪᠠᠶᠢᠷᠢᠨ ᠳᠤ ᠲᠠᠯᠪᠢᠪᠠ᠃ | ᠰᠤᠷᠭᠠᠭᠤᠯᠢ ᠶᠢᠨ ᠰᠤᠷᠭᠠᠨ ᠬᠥᠮᠦᠵᠢᠯ ᠨᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯ ᠲᠤᠯᠭᠠᠭᠤᠷᠢ ᠪᠤᠯᠳᠠᠭ᠃ ᠪᠣᠳᠠᠰ ᠤᠨ ᠪᠤᠰᠤ | ᠰᠣᠶᠣᠯ ᠤᠨ ᠥᠪ ᠤᠨ ᠬᠥᠮᠦᠵᠢᠯ ᠨᠢ ᠰᠣᠶᠣᠯ ᠤᠨ ᠦᠷᠳᠡᠭ ᠤᠨ ᠦᠵᠡᠯᠲᠡ᠂ ᠰᠣᠶᠣᠯ ᠤᠨ ᠬᠠᠮᠲᠤ ᠶᠢᠨ ᠲᠠᠨᠢᠯᠲᠠ ᠪᠠ ᠰᠣᠶᠣᠯ ᠤᠨ ᠪᠦᠲᠦᠭᠡᠯᠴᠢ ᠴᠢᠳᠠᠪᠤᠷᠢ ᠶᠢ | ᠪᠤᠶᠢᠵᠢᠭᠤᠯᠬᠤ ᠴᠢᠬᠤᠯᠠ ᠠᠷᠭ᠎ᠠ ᠭᠡᠯᠪᠡᠷᠢ ᠪᠣᠯᠤᠭᠰᠠᠨ ᠤ ᠬᠤᠪᠢ ᠳᠤ ᠰᠤᠷᠭᠠᠨ ᠬᠥᠮᠥᠵᠢᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠤᠶ᠎ᠠ ᠭᠡᠪᠡᠯ ᠡᠷᠬᠡᠪᠰᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠬᠢᠴᠢᠶᠡᠯ ᠤᠨ ᠲᠠᠩᠬᠢᠮ ᠳᠤ ᠣᠷᠣᠭᠤᠯᠵᠤ᠂ ᠵᠢᠭᠠᠬᠤ ᠮᠠᠲ᠋ᠧᠷᠢᠶᠠᠯ ᠳᠤ ᠣᠷᠣᠭᠤᠯᠵᠤ᠂ ᠰᠤᠷᠭᠠᠭᠤᠯᠢ ᠶᠢᠨ ᠡᠯ᠎ᠡ | ᠱᠠᠲᠤᠨ ᠤ ᠰᠤᠷᠭᠠᠨ ᠬᠥᠮᠦᠵᠢᠯ ᠲᠠᠢ ᠨᠡᠩ ᠰᠠᠶᠢᠲᠤᠷ ᠠᠭᠤᠰᠤᠯᠴᠠᠭᠤᠯᠵᠤ᠂ ᠬᠡᠦᠬᠡᠳ ᠤᠨ ᠨᠠᠰᠤᠨ ᠤ ᠣᠨᠴᠠᠯᠢᠭ ᠪᠠ ᠦᠰᠦᠨ ᠪᠤᠶᠢᠵᠢᠯᠳᠠ ᠲᠠᠢ ᠤᠶᠠᠯᠳᠤᠭᠤᠯᠵᠤ | ᠠᠮᠢᠳᠤᠯᠢᠭ ᠰᠠᠶᠢᠬᠠᠨ ᠰᠢᠰᠲ᠋ᠧᠮ ᠲᠠᠢ ᠬᠥᠮᠦᠵᠢᠯ ᠬᠢᠬᠦ ᠴᠢᠬᠤᠯᠠ ᠲᠠᠢ᠃ ᠬᠡᠦᠬᠡᠳ ᠪᠣᠯ ᠭᠬᠢᠷᠲᠦᠭᠡ ᠦᠭᠡᠢ ᠴᠠᠭᠠᠨ ᠴᠠᠭᠠᠰᠤ ᠪᠣᠯᠬᠤᠷ ᠳᠡᠳᠡ ᠭᠠᠳᠠᠭᠠᠳᠤ | ᠶᠢᠷᠲᠢᠨᠴᠦ ᠳᠤ ᠳᠤᠷ᠎ᠠ ᠰᠣᠨᠢᠷᠬᠠᠯ ᠲᠠᠢ ᠪᠤᠯᠬᠤ ᠦᠶ᠎ᠡ ᠳᠤ ᠪᠣᠳᠠᠰ ᠤᠨ ᠪᠤᠰᠤ ᠰᠣᠶᠣᠯ ᠤᠨ ᠥᠪ ᠲᠤ ᠠᠭᠤᠯᠤᠭᠳᠠᠵᠤ ᠪᠦᠬᠦᠢ ᠰᠠᠶᠢᠨ ᠰᠠᠶᠢᠬᠠᠨ ᠵᠦᠢᠯᠡᠰ ᠪᠠ | ᠶᠣᠰᠣ ᠰᠤᠷᠲᠠᠬᠤᠨ ᠢᠶᠠᠷ ᠬᠥᠮᠥᠵᠢᠭᠦᠯᠵᠦ ᠨᠥᠯᠥᠭᠡᠯᠡᠪᠡᠯ ᠬᠡᠦᠬᠡᠳ ᠢ ᠴᠠᠶᠢᠯᠭᠠᠨ ᠪᠣᠷᠣᠭᠵᠢᠭᠤᠨ ᠰᠠᠶᠢᠬᠠᠨ ᠵᠠᠩ ᠴᠢᠨᠠᠷ ᠲᠠᠢ ᠪᠣᠯᠭᠠᠨ ᠬᠥᠮᠥᠵᠢᠭᠦᠯᠵᠦ ᠪᠣᠯᠣᠨ᠎ᠠ᠃ | ᠡᠨᠡ ᠦᠶ᠎ᠡ ᠳᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠪᠦᠬᠦᠢ ᠠᠮᠲᠠᠲᠤ ᠰᠠᠶᠢᠬᠠᠨ ᠢᠳᠡᠭᠡᠨ ᠤᠮᠳᠠᠭᠠᠨ᠂ ᠰᠣᠨᠢᠷᠬᠠᠯᠲᠠᠢ ᠰᠠᠶᠢᠬᠠᠨ ᠲᠣᠭᠯᠠᠭᠠᠮ | ᠮᠡᠲᠦ ᠶᠢᠨ ᠠᠮᠢᠳᠤᠯᠢᠭ ᠪᠣᠳᠠᠲᠠᠢ ᠵᠦᠢᠯᠡᠰ ᠢᠶᠠᠷ ᠬᠥᠲᠥᠯᠥᠨ ᠳᠠᠭᠠᠭᠤᠯᠪᠠᠯ᠂ ᠬᠡᠦᠬᠡᠳ ᠤᠳ ᠤᠯᠤᠰ ᠦᠨᠳᠦᠰᠦᠲᠡᠨ ᠤ ᠪᠠᠨ ᠰᠢᠯᠢᠳᠡᠭ ᠤᠯᠠᠮᠵᠢᠯᠠᠯᠲᠤ ᠰᠣᠶᠣᠯ ᠢ | ᠣᠶᠢᠯᠠᠭᠠᠵᠤ ᠬᠠᠶᠢᠷᠠᠯᠠᠵᠤ ᠬᠢᠮᠠᠭᠠᠳᠠᠬᠤ ᠰᠡᠳᠬᠢᠯᠭᠡ ᠲᠠᠢ ᠪᠣᠯᠵᠤ ᠴᠢᠳᠠᠨ᠎ᠠ᠃ ᠪᠠᠭ᠎ᠠ ᠰᠤᠷᠭᠠᠭᠤᠯᠢ ᠶᠢᠨ ᠱᠠᠲᠤᠨ ᠳᠤ ᠬᠢᠴᠢᠶᠡᠯ ᠤᠨ ᠳᠣᠲᠣᠨ᠎ᠠ ᠭᠠᠳᠠᠨᠠᠬᠢ ᠵᠢᠭᠠᠨ | ᠰᠤᠷᠭᠠᠯᠲᠠ ᠲᠠᠢ ᠤᠶᠠᠯᠳᠤᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠳᠣᠲᠣᠷᠠᠬᠢ ᠦᠯᠢᠭᠡᠷ ᠲᠤᠮᠤᠭ ᠲᠠᠢ ᠤᠶᠠᠯᠳᠤᠭᠤᠯᠵᠤ ᠰᠡᠩᠬᠡᠷᠡᠭᠦᠯᠦᠨ | ᠶᠠᠷᠢᠯᠴᠠᠬᠤ ᠪᠠᠷ ᠲᠠᠮᠵᠢᠨ᠂ ᠰᠤᠷᠤᠬᠴᠢᠳ ᠲᠤ ᠬᠥᠮᠥᠨ ᠪᠤᠯᠬᠤ ᠶᠢᠨ ᠶᠣᠰᠣ ᠤᠴᠢᠷ ᠢ ᠣᠶᠢᠯᠠᠭᠠᠭᠤᠯᠵᠤ᠂ ᠶᠣᠰᠣ ᠰᠤᠷᠲᠠᠬᠤᠨ ᠤ ᠬᠥᠮᠦᠵᠢᠯ ᠬᠦᠷᠲᠡᠭᠡᠵᠦ ᠪᠣᠯᠣᠨ᠎ᠠ | ᠃ ᠪᠠᠭ᠎ᠠ ᠰᠤᠷᠭᠠᠭᠤᠯᠢ ᠪᠣᠯ ᠮᠥᠨ ᠴᠦ ᠬᠡᠦᠬᠡᠳ ᠤᠨ ᠳᠠᠭᠤᠷᠢᠶᠠᠬᠤ ᠴᠢᠳᠠᠪᠤᠷᠢ ᠪᠠᠷ ᠤᠨᠴᠠᠭᠠᠢ ᠰᠠᠶᠢᠨ ᠱᠠᠲᠤ ᠦᠶ᠎ᠡ ᠪᠣᠯᠬᠤᠷ ᠪᠣᠳᠠᠲᠠᠢ ᠠᠵᠢᠯᠯᠠᠭ᠎ᠠ ᠪᠠᠷ | ᠳᠠᠮᠵᠢᠭᠤᠯᠵᠤ ᠪᠣᠳᠠᠰ ᠤᠨ ᠪᠤᠰᠤ ᠰᠣᠶᠣᠯ ᠢ ᠥᠪᠯᠡᠨ ᠤᠯᠠᠮᠵᠢᠯᠠᠬᠤ ᠬᠥᠮᠦᠵᠢᠯ ᠬᠦᠷᠲᠡᠭᠡᠪᠡᠯ ᠵᠣᠬᠢᠨ᠎ᠠ᠃ ᠳᠡᠭᠡᠷ᠎ᠡ ᠳᠤᠷᠠᠳᠤᠭᠰᠠᠨ ︽ᠰᠠᠨᠠᠯ︾ ᠳᠤ᠂ ᠳᠤᠮᠳᠠᠳᠤ | ᠪᠠᠭ᠎ᠠ ᠰᠤᠷᠭᠠᠭᠤᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠬᠢᠴᠢᠶᠡᠯ ᠨᠡᠭᠡᠭᠡᠵᠦ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠣᠨᠴᠠᠯᠢᠭᠲᠤ ᠳᠤᠮᠳᠠᠳᠤ ᠪᠠᠭ᠎ᠠ ᠰᠤᠷᠭᠠᠭᠤᠯᠢ ᠶᠢᠨ ᠥᠪᠯᠡᠨ ᠤᠯᠠᠮᠵᠢᠯᠠᠬᠤ ᠰᠠᠭᠤᠷᠢᠨ ᠪᠠᠶᠢᠭᠤᠯᠬᠤ ᠶᠢ | ᠵᠣᠷᠢᠭᠵᠢᠭᠤᠯᠤᠨ᠎ᠠ ᠭᠡᠪᠡ᠃ ᠡᠨᠡ ᠨᠢ ᠵᠠᠯᠠᠭᠤᠴᠤᠳ ᠪᠠᠭᠠᠴᠤᠳ ᠢ ᠡᠳᠦᠷ ᠲᠤᠲᠤᠮ ᠤᠨ ᠰᠤᠷᠤᠯᠭ᠎ᠠ ᠠᠮᠢᠳᠤᠷᠠᠯ ᠳᠤᠮᠳᠠ ᠪᠠᠨ ᠪᠣᠳᠠᠰ ᠤᠨ ᠪᠤᠰᠤ ᠰᠣᠶᠣᠯ ᠤᠨ | ᠥᠪ ᠲᠠᠢ ᠨᠡᠩ ᠣᠶᠢᠷᠠᠬᠠᠨ ᠪᠠᠶᠢᠬᠤ ᠲᠠᠪᠴᠠᠩ ᠬᠠᠩᠭᠠᠬᠤ ᠪᠣᠯᠣᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠤᠯᠴᠠᠭᠤᠯᠬᠤ ᠳᠤ ᠶᠡᠭᠡ ᠳᠡᠭᠡᠳᠦ ᠰᠤᠷᠭᠠᠭᠤᠯᠢ | ᠪᠣᠯ ᠶᠠᠷᠢᠶᠠᠨ ᠦᠭᠡᠢ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠬᠥᠭᠵᠢᠭᠦᠯᠬᠦ ᠴᠢᠬᠤᠯᠠ ᠰᠠᠭᠤᠷᠢᠨ ᠭᠠᠵᠠᠷ ᠪᠤᠯᠬᠤ ᠶᠤᠮ᠃ ᠶᠡᠭᠡ | ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠢᠨᠵᠢᠯᠡᠭᠡᠨ ᠤ ᠰᠠᠯᠠᠭ᠎ᠠ ᠪᠠ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠣᠯ ᠣᠳᠣᠬᠠᠨ ᠤ | ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠢ ᠰᠠᠶᠢᠲᠤᠷ ᠬᠢᠬᠦ ᠵᠠᠩᠭᠢᠯᠠᠭ᠎ᠠ ᠪᠣᠯᠣᠨ᠎ᠠ᠃ ᠪᠣᠳᠠᠰ ᠤᠨ | ᠪᠤᠰᠤ ᠰᠣᠶᠣᠯ ᠤᠨ ᠥᠪ ᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠳᠤ ᠨᠡᠩ ᠰᠠᠶᠢᠨ ᠠᠭᠤᠰᠬᠠᠨ ᠣᠷᠣᠭᠤᠯᠬᠤ ᠳᠤ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠮᠠᠰᠢ ᠴᠢᠬᠤᠯᠠ ᠪᠠᠶᠢᠳᠠᠭ᠃ ᠡᠨᠡ ᠲᠠᠯ᠎ᠠ ᠪᠠᠷ ᠤᠯᠤᠰ ᠤᠨ ᠳᠣᠲᠣᠭᠠᠳᠤ ᠶᠢᠨ ᠵᠠᠷᠢᠮ ᠶᠡᠭᠡ ᠳᠡᠭᠡᠳᠦ ᠰᠤᠷᠭᠠᠭᠤᠯᠢ ᠪᠣᠳᠠᠰ ᠤᠨ ᠪᠤᠰᠤ ᠰᠣᠶᠣᠯ ᠤᠨ | ᠥᠪ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠲᠤᠷᠰᠢᠨ ᠨᠡᠭᠡᠭᠡᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠵᠦᠩᠱᠠᠨ ᠶᠡᠭᠡ ᠰᠤᠷᠭᠠᠭᠤᠯᠢ᠂ | ᠨᠠᠨᠵᠢᠩ ᠶᠡᠭᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠠᠰᠫᠢᠷᠠᠨᠲ ᠡᠯᠰᠡᠨ ᠬᠥᠮᠥᠵᠢᠭᠦᠯᠵᠦ ᠡᠬᠢᠯᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠤᠷᠠᠯᠢᠭ ᠤᠨ | ᠰᠢᠨᠵᠢᠯᠡᠭᠡᠨ ᠤ ᠰᠠᠯᠠᠭ᠎ᠠ ᠶᠢᠨ ᠳᠣᠲᠣᠷ᠎ᠠ ᠤᠷᠠᠯᠢᠭ ᠤᠨ ᠤᠨᠤᠯ ᠤᠨ ᠲᠦᠷᠦᠯ ᠳᠤ ᠲᠦᠷᠪᠡᠨ ᠵᠢᠯ ᠤᠨ ᠳᠦᠷᠢᠮᠲᠦ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠲᠤᠰᠬᠠᠢ ᠮᠡᠷᠭᠡᠵᠢᠯ ᠢ ᠲᠣᠬᠢᠷᠠᠭᠤᠯᠤᠭᠰᠠᠨ᠂ ᠲᠡᠦᠬᠡ ᠶᠢᠨ ᠤᠬᠠᠭᠠᠨ ᠤ ᠲᠦᠷᠦᠯ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠤᠰᠬᠠᠢ | ᠮᠡᠷᠭᠡᠵᠢᠯ ᠨᠡᠭᠡᠭᠡᠭᠰᠡᠨ ᠵᠡᠷᠭᠡ ᠨᠢ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠮᠡᠷᠭᠡᠵᠢᠯ ᠤᠨ ᠤᠬᠠᠭᠠᠨ ᠤ ᠲᠤᠰᠬᠠᠢ ᠮᠡᠷᠭᠡᠵᠢᠯ ᠢ ᠵᠢᠩᠬᠢᠨᠢ ᠪᠠᠷ ᠤᠯᠤᠰ ᠤᠨ | ᠰᠤᠷᠭᠠᠨ ᠬᠥᠮᠦᠵᠢᠯ ᠤᠨ ᠪᠠᠶᠢᠭᠤᠯᠤᠯ ᠪᠠ ᠰᠢᠨᠵᠢᠯᠡᠭᠡᠨ ᠤ ᠰᠠᠯᠠᠭ᠎ᠠ ᠶᠢᠨ ᠰᠢᠰᠲ᠋ᠧᠮ ᠳᠤ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃ | ᠮᠠᠨ ᠤ ᠣᠷᠣᠨ ᠤ ᠵᠠᠷᠢᠮ ᠶᠡᠭᠡ ᠳᠡᠭᠡᠳᠦ ᠰᠤᠷᠭᠠᠭᠤᠯᠢ ᠨᠤᠭᠤᠳ ᠬᠡᠳᠦ᠋ᠢᠪᠡᠷ ᠵᠠᠷᠢᠮ ᠲᠤᠰᠬᠠᠢ ᠮᠡᠷᠭᠡᠵᠢᠯ ᠳᠡᠭᠡᠨ ᠪᠣᠳᠠᠰ ᠤᠨ ᠪᠤᠰᠤ ᠰᠣᠶᠣᠯ ᠤᠨ ᠥᠪ ᠤᠨ | ᠬᠢᠴᠢᠶᠡᠯ ᠢ ᠨᠡᠭᠡᠭᠡᠭᠰᠡᠨ ᠪᠤᠯᠪᠠᠴᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠪᠣᠯᠭᠠᠨ ᠨᠡᠭᠡᠭᠡᠬᠦ ᠲᠠᠯ᠎ᠠ ᠪᠠᠷ ᠬᠠᠷᠠᠬᠠᠨ ᠬᠦᠷᠦᠯᠴᠡᠭᠡ ᠦᠭᠡᠢ ᠪᠠᠶᠢᠨ᠎ᠠ᠃ ᠶᠡᠭᠡ | ᠳᠡᠭᠡᠳᠦ ᠰᠤᠷᠭᠠᠭᠤᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠪᠠᠯ ᠰᠢᠨ᠎ᠡ ᠴᠠᠭ ᠦᠶ᠎ᠡ ᠶᠢᠨ | ᠥᠪᠯᠡᠨ ᠤᠯᠠᠮᠵᠢᠯᠠᠭᠴᠢ ᠪᠠ ᠴᠢᠳᠠᠪᠤᠷᠢᠲᠠᠨ ᠢ ᠬᠥᠮᠥᠵᠢᠭᠦᠯᠬᠦ ᠵᠣᠷᠢᠯᠭ᠎ᠠ ᠳᠠᠭᠠᠨ ᠬᠦᠷᠴᠦ ᠴᠢᠳᠠᠬᠤ ᠶᠤᠮ᠃ | ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠰᠠᠨᠠᠯ︾ ᠤᠨ ᠵᠣᠷᠢᠭ ᠰᠠᠨᠠᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ | ᠪᠣᠳᠠᠰ ᠤᠨ ᠪᠤᠰᠤ ᠰᠣᠶᠣᠯ ᠤᠨ ᠥᠪ ᠤᠨ ᠬᠥᠮᠦᠵᠢᠯ ᠢ ᠰᠤᠷᠭᠠᠨ ᠬᠥᠮᠦᠵᠢᠯ ᠤᠨ ᠠᠭᠤᠯᠭ᠎ᠠ ᠲᠠᠢ ᠪᠠᠨ ᠤᠶᠠᠯᠳᠤᠭᠤᠯᠵᠤ ᠰᠢᠰᠲ᠋ᠧᠮ ᠲᠠᠢ ᠱᠠᠲᠤᠴᠢ ᠴᠢᠨᠠᠷᠲᠠᠢ | ᠬᠥᠮᠦᠵᠢᠯ ᠬᠦᠷᠲᠡᠭᠡᠪᠡᠯ᠂ ᠰᠤᠷᠤᠬᠴᠢᠳ ᠲᠤ ᠰᠢᠯᠢᠳᠡᠭ ᠰᠣᠶᠣᠯ ᠢᠶᠠᠨ ᠥᠪᠯᠡᠨ ᠤᠯᠠᠮᠵᠢᠯᠠᠬᠤ ᠶᠢᠨ ᠵᠡᠷᠭᠡ ᠪᠠᠷ ᠰᠣᠶᠣᠯ ᠢᠶᠠᠨ ᠪᠦᠲᠦᠭᠡᠯᠴᠢ ᠪᠠᠷ ᠬᠥᠭᠵᠢᠭᠦᠯᠬᠦ | ᠴᠢᠳᠠᠪᠤᠷᠢ ᠶᠢ ᠨᠡᠩ ᠴᠢᠨᠠᠭᠰᠢᠳᠠ ᠪᠠᠳᠠᠷᠠᠭᠤᠯᠵᠤ ᠴᠢᠳᠠᠬᠤ ᠶᠤᠮ᠃ | |