ᠬᠤᠤ ᠷᠦᠢ ᠲᠢᠩ
ᠨᠡᠶᠢᠲᠡᠯᠡᠭᠰᠡᠨ ᠴᠠᠭ᠄
2025/3/11
     ᠬᠤᠤ ᠷᠦᠢ ᠲᠢᠩ ︵1911-1944 ︶     ᠬᠤᠤ ᠷᠦᠢ ᠲᠢᠩ᠂ ᠡᠷᠡᠭᠲᠡᠶ᠂ ᠬᠢᠲᠠᠳ ᠦᠨᠳᠦᠰᠦᠲᠡᠨ᠂ 1911 ᠣᠨ ᠳᠤ ᠬᠠᠷᠠᠴᠢᠨ ᠬᠤᠰᠢᠭᠤᠨ ᠤ ᠸᠠᠩ ᠶᠧ ᠳ᠋ᠢᠶᠠᠨ ᠤ ᠳ᠋ᠦᠩ ᠵᠢᠤᠢ ᠽᠢ ᠶᠢᠨ ᠶᠡᠭᠡ ᠡᠯ ᠳ᠋ᠤᠤ ᠭᠧᠤ ᠶᠢᠨ ᠬᠥᠮᠦᠨ᠃ ᠬᠤᠤ ᠷᠦᠢ ᠲᠢᠩ ᠵᠠᠩ ᠠᠭᠠᠰᠢ ᠨᠢ ᠠᠰᠪᠤᠷ ᠰᠢᠯᠤᠭᠤᠨ᠂ ᠵᠣᠷᠢᠭᠲᠠᠶ᠂ ᠨᠥᠬᠦᠷᠯᠡᠬᠦ ᠳᠤᠷᠠᠲᠠᠢ᠃ 1929-1932 ᠣᠨ ᠳᠤ ᠮᠦᠭᠳᠡᠨ ᠤ ᠴᠡᠷᠢᠭ ᠤᠨ ᠡᠷᠬᠡᠲᠡᠨ ᠳᠤ ᠴᠡᠷᠢᠭ ᠶᠠᠪᠤᠵᠤ᠂ ᠰᠡᠭᠦᠯᠡᠷ ᠨᠢ ᠡᠴᠢᠭᠡ ᠶᠡᠭᠡ ᠠᠪᠠᠭ᠎ᠠ ᠨᠢ ᠤᠷᠢᠳ ᠬᠤᠵᠢᠳ ᠨᠠᠰᠤ ᠪᠠᠷᠠᠵᠤ ᠡᠬᠡ ᠨᠢ ᠥᠨᠥᠴᠢᠨ ᠪᠡᠯᠪᠡᠰᠦᠨ ᠪᠣᠯᠬᠤ ᠳᠤ᠂ ᠬᠤᠤ ᠷᠦᠢ ᠲᠢᠩ ᠰᠠᠶ᠋ᠢ ᠴᠡᠷᠢᠭ ᠤᠨ ᠠᠯᠪᠠᠨ ᠠᠴᠠ ᠪᠠᠭᠤᠵᠤ ᠭᠡᠷ ᠲᠡᠭᠡᠨ ᠬᠠᠷᠢᠵᠤ ᠵᠢᠵᠢᠭ ᠮᠠᠶᠢᠮᠠᠶ ᠬᠢᠵᠡᠢ᠂ ᠬᠠᠭᠤᠷᠮᠠᠭ ᠮᠠᠨᠵᠤ ᠤᠯᠤᠰ ᠤᠨ ᠡᠬᠢᠨ ᠤ ᠦᠶ᠎ᠡ ᠳᠤ ᠪᠤᠷᠬᠠᠨᠲᠤ ᠳᠤ ᠣᠶᠣᠳᠠᠯ ᠤᠨ ᠭᠠᠵᠠᠷ ᠨᠡᠭᠡᠭᠡᠵᠦ ᠪᠠᠶᠢᠪᠠ᠃ 1933 ᠣᠨ ᠳᠤ ᠶᠠᠫᠣᠨ ᠤ ᠡᠵᠡᠷᠬᠡᠭ ᠲᠦᠷᠢᠮᠡᠭᠡᠶᠢᠳᠡᠨ ᠷᠧᠾᠧ ᠶᠢ ᠡᠵᠡᠯᠡᠵᠡᠢ᠂ ᠬᠤᠤ ᠷᠦᠢ ᠲᠢᠩ ᠤᠯᠤᠰ ᠠᠷᠠᠳ ᠥᠰᠢᠶ᠎ᠡ ᠬᠤᠷᠣᠰᠤᠯ ᠢ ᠡᠪᠦᠷᠯᠡᠨ᠂ 1941 ᠣᠨ ᠤ ᠬᠠᠪᠤᠷ ᠶᠠᠫᠣᠨ ᠢ ᠡᠰᠡᠷᠭᠦᠴᠡᠬᠦ ᠴᠡᠷᠢᠭ ᠠᠩᠭᠢ ᠳᠤ ᠣᠷᠣᠯᠴᠠᠭᠰᠠᠨ ᠪᠠᠶᠢᠨ᠎ᠠ᠃ ᠡᠬᠢᠯᠡᠭᠡᠳ ᠮᠠ ᠯᠦᠩ ᠪᠢᠶᠤᠤ ᠶᠢᠨ ᠴᠡᠷᠢᠭ ᠠᠩᠭᠢ ᠳᠤ ᠰᠠᠯᠠᠭᠠᠨ ᠳᠠᠷᠤᠭ᠎ᠠ ᠶᠢᠨ ᠲᠤᠰᠢᠶᠠᠯ ᠡᠭᠦᠷᠭᠡᠯᠡᠪᠡ᠂ ᠤᠳᠠᠯ ᠦᠭᠡᠢ ᠾᠤᠪᠸᠢ  ᠶᠢᠨ ᠵᠡᠭᠦᠨ ᠬᠡᠰᠡᠭ ᠤᠨ ᠴᠡᠷᠢᠭ ᠤᠨ ᠬᠤᠪᠢᠶᠠᠷᠢ ᠲᠣᠭᠤᠷᠢᠭ ᠤᠨ ᠵᠢᠭᠠᠨ ᠰᠤᠷᠭᠠᠬᠤ ᠶᠡᠭᠡ ᠠᠩᠭᠢ ᠳᠤ ᠪᠣᠯᠪᠠᠰᠤᠷᠠᠯ ᠬᠦᠷᠲᠡᠵᠦ᠂ 5 ᠰᠠᠷ᠎ᠠ ᠶᠢᠨ ᠲᠠᠷᠠᠭ᠎ᠠ ᠾᠤᠪᠸᠢ ᠶᠢᠨ ᠵᠡᠭᠦᠨ ᠬᠡᠰᠡᠭ ᠤᠨ ᠴᠡᠷᠢᠭ ᠤᠨ ᠬᠤᠪᠢᠶᠠᠷᠢ ᠲᠣᠭᠤᠷᠢᠭ ᠤᠨ ᠠᠷᠪᠠᠨ ᠨᠢᠭᠡᠳᠦᠭᠡᠷ ᠬᠤᠷᠢᠶ᠎ᠠ ᠶᠢᠨ ᠨᠢᠭᠡᠳᠦᠭᠡᠷ ᠰᠣᠮᠣᠨ ᠤ ᠬᠤᠶᠠᠳᠤᠭᠠᠷ ᠰᠠᠯᠠᠭ᠎ᠠ ᠶᠢᠨ ᠰᠠᠯᠠᠭᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠪᠠ᠃ 1942 ᠣᠨ ᠳᠤ ᠴᠡᠷᠢᠭ ᠤᠨ ᠬᠤᠪᠢᠶᠠᠷᠢ ᠲᠣᠭᠤᠷᠢᠭ ᠤᠨ ᠲᠠᠩᠨᠠᠭᠤᠯ ᠤᠨ ᠰᠤᠮᠤᠨ ᠤ ᠳᠠᠷᠤᠭ᠎ᠠ ᠪᠠᠷ ᠠᠵᠢᠯᠯᠠᠵᠤ᠂ ᠴᠠᠭᠠᠨ ᠬᠡᠷᠡᠮ ᠤᠨ ᠳᠣᠲᠣᠨ᠎ᠠ ᠭᠠᠳᠠᠨ᠎ᠠ ᠪᠣᠯᠤᠨ ᠴᠧᠩᠳᠧ᠂ ᠫᠢᠡᠭᠴᠢᠦᠸᠠᠨ᠂ ᠨᠢᠩᠴᠧᠩ᠂ ᠬᠠᠷᠠᠴᠢᠨ ᠪᠠᠷᠠᠭᠤᠨ ᠬᠤᠰᠢᠭᠤ ᠵᠡᠷᠭᠡ ᠭᠠᠵᠠᠷ ᠤᠨ ᠠᠭᠤᠯᠠᠷᠬᠠᠭ ᠣᠷᠣᠨ ᠢᠶᠠᠷ ᠠᠵᠢᠯᠯᠠᠭ᠎ᠠ ᠥᠷᠨᠢᠭᠦᠯᠵᠦ ᠪᠠᠶᠢᠵᠠᠢ᠃ ᠬᠤᠤ ᠷᠦᠢ ᠲᠢᠩ ᠨᠢᠭᠤᠴᠠ ᠪᠠᠷ ᠹᠠᠨ ᠽᠢ ᠶᠤᠸᠠᠨ᠂ ᠯᠢ ᠳ᠋ᠥᠩ ᠶᠠᠩ᠂ ᠵᠠᠩ ᠯᠢᠶᠠᠨ ᠱᠧᠩ ᠵᠡᠷᠭᠡ 10 ᠭᠠᠷᠤᠶ ᠬᠥᠮᠦᠨ ᠢ ᠤᠬᠠᠭᠤᠯᠵᠤ ᠬᠤᠯᠪᠣᠭᠠᠴᠢᠨ ᠪᠤᠯᠭᠠᠵᠠᠢ᠃ 1941 ᠣᠨ ᠠᠴᠠ ᠬᠤᠶᠢᠰᠢ᠂ ᠶᠠᠫᠣᠨ ᠳᠡᠭᠡᠷᠡᠮᠴᠢᠳ ᠪᠠ ᠬᠠᠭᠤᠷᠮᠠᠭ ᠴᠡᠷᠢᠭ ᠲᠠᠰᠤᠷᠠᠯ ᠦᠭᠡᠢ ᠫᠠᠷᠲ᠋ᠢᠽᠠᠨ ᠣᠷᠣᠨ ᠢ ᠪᠦᠰᠡᠯᠡᠨ ᠳᠠᠭᠠᠷᠢᠵᠤ ᠪᠠᠶᠢᠭᠰᠠᠨ ᠪᠣᠯᠪᠠᠴᠤ᠂ ᠬᠤᠤ ᠷᠦᠢ ᠲᠢᠩ ᠤᠨ ᠶᠠᠫᠣᠨ ᠢ ᠡᠰᠡᠷᠭᠦᠴᠡᠬᠦ ᠫᠠᠷᠲ᠋ᠢᠽᠠᠨ ᠠᠩᠬᠢ ᠬᠠᠷᠢᠨ ᠤᠯᠠᠨ ᠲᠦᠮᠡᠨ ᠤ ᠳᠡᠮᠵᠢᠯᠭᠡ ᠪᠠ ᠬᠠᠮᠠᠭᠠᠯᠠᠯ ᠳᠣᠣᠷ᠎ᠠ᠂ ᠳᠠᠶᠢᠰᠤᠨ ᠳᠤ ᠤᠯᠠᠮ ᠰᠢᠷᠦᠭᠦᠨ ᠴᠣᠬᠢᠯᠲᠠ ᠦᠭᠴᠦ ᠪᠠᠶᠢᠵᠡᠢ᠃ 1943 ᠣᠨ ᠳᠤ ᠲᠡᠭᠦᠨ ᠤ ᠴᠡᠷᠢᠭ ᠠᠩᠭᠢ ᠪᠣᠯᠣᠨ ᠵᠢᠢ ᠬᠤᠩ ᠡᠸ᠋ᠨ ᠤ ᠴᠡᠷᠢᠭ ᠪᠤᠷᠬᠠᠨᠲᠤ ᠶᠢᠨ ᠰᠠᠨ ᠴᠠ ᠺᠧᠤ ᠶᠢᠨ ᠬᠠᠭᠤᠷᠮᠠᠭ ᠴᠠᠭᠳᠠᠭ᠎ᠠ ᠶᠢᠨ ᠰᠠᠭᠤᠵᠤ ᠪᠠᠶᠢᠭ᠎ᠠ ᠭᠠᠵᠠᠷ ᠢ ᠳᠠᠭᠠᠷᠢᠵᠤ᠂ ᠸᠠᠩ ᠤᠨ ᠳ᠋ᠢᠶᠠᠨ ᠭᠠᠴᠠᠭᠠᠨ ᠤ ᠳ᠋ᠦᠩ ᠵᠢᠤᠢ ᠽᠢ ᠶᠢᠨ ᠬᠠᠭᠤᠷᠮᠠᠭ ᠥᠷᠲᠡᠭᠡᠨ ᠳᠠᠷᠤᠭ᠎ᠠ᠂ ᠬᠢᠲᠠᠳ ᠤᠨ ᠵᠠᠯᠢᠬᠠᠶ ᠯᠢ ᠶᠠᠨ ᠢ ᠵᠠᠯᠬᠠᠭᠠᠨ ᠰᠢᠢᠳᠬᠡᠵᠡᠢ᠃ ᠲᠡᠷᠡ ᠴᠡᠷᠢᠭ ᠠᠩᠬᠢ ᠪᠠᠨ ᠳᠠᠭᠠᠭᠤᠯᠤᠨ ᠰᠢᠩ ᠯᠦᠩ ᠳᠤ ᠬᠦᠷᠴᠦ ᠭᠤᠤᠯ ᠬᠦᠴᠦᠨ ᠲᠠᠢ ᠬᠠᠮᠲᠤᠷᠠᠨ ᠱᠧᠦ ᠸᠠᠩ ᠹᠧᠨ ᠤ ᠪᠠᠶᠢᠯᠳᠤᠭᠠᠨ ᠳᠤ ᠤᠷᠤᠯᠴᠠᠵᠠᠢ᠃     ᠲᠡᠷᠡ ᠴᠢᠳᠠᠮᠠᠭᠠᠶ ᠪᠠᠶᠢᠯᠳᠤᠳᠠᠭ ᠪᠦᠭᠡᠳ ᠡᠷᠡᠯᠬᠡᠭ ᠪᠠᠭᠠᠲᠤᠷ ᠡᠷᠡᠰ ᠰᠢᠭᠤᠷᠬᠠᠶ ᠲᠤᠯᠠ ᠤᠯᠠᠠ ᠤᠳᠠᠭ᠎ᠠ ᠳᠡᠭᠡᠳᠦ ᠱᠠᠲᠤᠨ ᠤ ᠰᠠᠶᠢᠰᠢᠶᠠᠯ ᠢ ᠬᠦᠷᠲᠡᠵᠦ᠂ ᠬᠤᠵᠢᠮ ᠨᠢ ᠴᠧᠩᠳᠧ᠂ ᠫᠢᠡᠭᠴᠢᠦᠸᠠᠨ᠂ ᠨᠢᠩᠴᠧᠩ ᠤᠨ ᠬᠤᠯᠪᠣᠭᠠᠲᠤ ᠰᠢᠶᠠᠨ ᠤ ᠵᠡᠪᠰᠡᠭᠲᠦ ᠫᠠᠷᠲ᠋ᠢᠽᠠᠨ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠪᠠᠶᠢᠨ᠎ᠠ᠃     1944 ᠣᠨ ᠤ 2 ᠰᠠᠷ᠎ᠠ ᠶᠢᠨ 5 ᠤ ᠡᠳᠦᠷ᠂ ᠭᠤᠷᠪᠠᠨ ᠲᠤᠭᠤᠷᠢᠭ ᠤᠨ ᠴᠡᠷᠢᠭ ᠠᠩᠭᠢ ᠶᠢᠨ ᠨᠢᠭᠡᠳᠦᠯᠲᠡᠶ ᠪᠠᠶᠢᠷᠢᠯᠠᠭᠤᠯᠤᠯᠲᠠ ᠳᠣᠣᠷ᠎ᠠ᠂ ᠬᠤᠤ ᠷᠦᠢ ᠲᠢᠩ ᠨᠢᠩᠴᠧᠩ ᠤᠨ ︵ᠰᠢᠶᠤᠤ ᠴᠧᠩ ᠽᠢ︶ ᠲᠤᠯᠤᠯᠳᠤᠭᠠᠨ ᠳᠤ ᠤᠷᠤᠯᠴᠠᠵᠠᠢ᠃ 6 ᠤ ᠦᠦᠷ ᠢᠶᠠᠷ ᠪᠠᠶᠢᠯᠳᠤᠭᠠᠨ ᠳᠠᠭᠤᠰᠴᠤ ᠬᠤᠤ ᠷᠦᠢ ᠲᠢᠩ ᠵᠡᠷᠭᠡ 12 ᠬᠥᠮᠦᠨ ᠪᠠᠶᠢᠯᠳᠤᠭᠠᠨ ᠤ ᠣᠯᠵᠠ ᠪᠠᠨ ᠠᠪᠴᠤ ᠰᠣᠩᠭᠢᠨ᠎ᠠ ᠶᠢᠨ ᠭᠤᠤ ᠰᠢᠶᠠᠩ ᠶᠢᠨ ᠰᠢᠶᠤᠤ ᠯᠢᠶᠠᠩ ᠽᠢ ᠲᠣᠰᠬᠤᠨ ᠳᠤ ᠬᠦᠷᠢᠶ᠎ᠡ ᠪᠠᠨ ᠪᠠᠬᠢᠯᠡᠵᠦ ᠪᠠᠶᠢᠲᠠᠯ᠎ᠠ ᠶᠠᠫᠣᠨ ᠳᠡᠭᠡᠷᠡᠮᠴᠢᠳ ᠪᠠ ᠬᠠᠭᠤᠷᠮᠠᠭ ᠴᠡᠷᠢᠭ ᠤᠨ ᠳᠠᠶᠢᠯᠠᠯᠳᠠ ᠶᠢᠨ ᠴᠡᠷᠢᠭ ᠭᠡᠨᠡᠳᠲᠡ ᠳᠠᠭᠠᠷᠢᠨ ᠢᠷᠡᠬᠦ ᠳᠤ ᠬᠤᠤ ᠷᠦᠢ ᠲᠢᠩ ᠲᠡᠷᠡ ᠳᠠᠷᠤᠶ ᠳᠤᠨᠢ ᠴᠡᠷᠢᠭ ᠠᠷᠠᠳ ᠢᠶᠠᠨ ᠳᠠᠭᠠᠭᠤᠯᠤᠨ ᠠᠭᠤᠯᠠ ᠠᠪᠠᠷᠢᠵᠤ ᠪᠠᠷᠠᠭᠤᠨᠰᠢ ᠤᠬᠤᠷᠢᠪᠠ᠃ ᠲᠡᠷᠡ ᠨᠢᠭᠡᠨᠲᠡ ᠡᠮᠦᠨᠡᠰᠢ ᠵᠢᠵᠢᠭ ᠤᠯᠢᠶᠠᠰᠤᠨ ᠭᠤᠤ ᠶᠢᠨ ᠡᠮᠦᠨ᠎ᠡ ᠰᠠᠯᠪᠦᠷᠢ ᠬᠥᠲᠥᠯ ᠢ ᠲᠠᠭᠠᠷᠢᠨ ᠥᠩᠭᠡᠷᠡᠵᠡᠢ᠂ ᠭᠡᠪᠡᠴᠦ ᠬᠤᠶᠢᠨ᠎ᠠ ᠨᠢ ᠰᠢᠷᠬᠠᠲᠤᠭᠰᠠᠨ ᠨᠥᠬᠦᠷ  ᠨᠢ ᠪᠠᠶᠢᠭ᠎ᠠ ᠶᠢ ᠣᠯᠵᠤ ᠦᠵᠡᠭᠡᠳ ᠪᠤᠴᠠᠨ ᠬᠠᠷᠢᠵᠤ ᠬᠠᠮᠠᠭᠠᠯᠠᠨ ᠪᠠᠶᠢᠯᠳᠤᠵᠤ ᠰᠤᠮᠤᠨ ᠳᠤ ᠣᠨᠣᠭᠳᠠᠵᠤ ᠬᠦᠨᠳᠦ ᠰᠢᠷᠬᠠᠲᠤᠪᠠ᠃     ᠲᠡᠷᠡ ᠠᠮᠢ ᠨᠠᠰᠤ ᠨᠢ ᠲᠦᠭᠰᠢᠭᠦᠷᠢ ᠲᠠᠢ ᠪᠣᠯᠣᠭᠰᠠᠨ ᠦᠶᠡᠰ᠂ ᠥᠪᠡᠷ ᠤᠨ ᠣᠯᠠᠨ ᠵᠢᠯ ᠬᠡᠷᠡᠭᠯᠡᠭᠰᠡᠨ ᠭᠠᠷ ᠫᠤᠤ ᠪᠠᠨ ᠥᠷᠭᠡᠰᠦᠲᠦ ᠮᠤᠳᠤ ᠢᠭᠴᠤᠷᠠᠭᠰᠠᠨ ᠴᠢᠯᠠᠭᠤᠲᠤ ᠭᠤᠤ ᠳᠤ ᠬᠠᠶᠠᠵᠤ᠂ ᠲᠤᠭᠳᠠᠭᠤᠨ ᠲᠠᠶᠢᠪᠤᠩ ᠪᠠᠶᠢᠵᠤ᠂ ᠡᠴᠦᠰ ᠲᠡᠭᠡᠨ ᠴᠢᠰᠤ ᠶᠡᠬᠡᠪᠡᠷ ᠤᠷᠤᠰᠤᠭᠰᠠᠨ ᠠᠴᠠ ᠪᠡᠶ᠎ᠡ ᠦᠷᠡᠭᠳᠡᠵᠡᠢ᠂ ᠲᠤᠬᠠᠶ ᠶᠢᠨ ᠵᠢᠯ ᠰᠠᠶ᠋ᠢ 33 ᠨᠠᠰᠤᠲᠠᠶ ᠪᠠᠶᠢᠵᠠᠢ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ