ᠭᠤᠤ ᠴᠢᠶᠤᠤ
ᠨᠡᠶᠢᠲᠡᠯᠡᠭᠰᠡᠨ ᠴᠠᠭ᠄
2025/3/11
     ᠭᠤᠤ ᠴᠢᠶᠤᠤ ︵1914 -1944︶     ᠭᠤᠤ ᠴᠢᠶᠤᠤ᠂ ᠡᠷᠡᠭᠲᠡᠶ᠂ ᠬᠢᠲᠠᠳ ᠦᠨᠳᠦᠰᠦᠲᠡᠨ᠂ ᠡᠪ ᠬᠠᠮᠲᠤ ᠨᠠᠮ ᠤᠨ ᠭᠡᠰᠢᠭᠦᠨ᠃ ᠤᠤᠯ ᠨᠡᠷ᠎ᠡ ᠨᠢ ᠭᠤᠤ ᠮᠢᠩ ᠬᠠᠶ ᠭᠡᠳᠡᠭ᠂ ᠡᠷᠭᠦᠭᠰᠡᠨ ᠨᠡᠷ᠎ᠡ ᠵᠢᠩ ᠲᠢᠶᠠᠨ ᠭᠡᠳᠡᠭ ᠃ ᠭᠤᠤ ᠴᠢᠶᠤᠤ᠂ ᠰᠤ᠋ ᠷᠠᠨ᠂ ᠰᠢᠥᠢ ᠸᠧᠨ ᠯᠢᠶᠠᠩ ᠭᠡᠵᠦ ᠨᠡᠷ᠎ᠡ ᠪᠤᠷᠤᠭᠤᠯᠠᠵᠤ ᠥᠩᠭᠡᠷᠡᠵᠡᠢ᠃     1914 ᠣᠨ ᠳᠤ ᠡᠳᠦᠷ ᠯᠢᠶᠣᠤᠨᠢᠩ ᠮᠤᠵᠢ ᠶᠢᠨ ᠯᠢᠶᠤᠤᠶᠠᠩ ᠰᠢᠶᠠᠨ      ︵ᠣᠳᠣ ᠶᠢᠨ ᠯᠢᠶᠤᠤᠶᠠᠩ ᠬᠤᠳᠠ︶ ᠳᠤ ᠲᠥᠷᠥᠵᠡᠢ ᠂ ᠪᠠᠯᠴᠢᠷ ᠨᠠᠰᠤᠨ ᠠᠴᠠ ᠪᠠᠨ ᠡᠴᠢᠭᠡ ᠪᠠᠨ ᠳᠠᠭᠠᠵᠤ ᠹᠸᠡᠭᠲ᠋ᠢᠶᠠᠨ ᠳᠤ ᠨᠡᠭᠦᠵᠦ ᠰᠠᠭᠤᠷᠢᠰᠢᠵᠠᠢ᠃ ︽ᠶᠢᠰᠦᠳᠦᠭᠡᠷ ᠰᠠᠷ᠎ᠠ ᠶᠢᠨ ᠠᠷᠪᠠᠨ ᠨᠠᠶ᠋ᠮᠠᠨ︾ ᠤ ᠬᠡᠷᠡᠭ ᠬᠤᠪᠢᠰᠤᠯ ᠤᠨ ᠳᠠᠷᠠᠭ᠎ᠠ ᠶᠠᠫᠣᠨ ᠤ ᠡᠵᠡᠷᠬᠡᠭ ᠲᠦᠷᠢᠮᠡᠭᠡᠶᠢᠳᠡᠨ ᠵᠡᠭᠦᠨ ᠬᠤᠶᠢᠲᠤ ᠣᠷᠣᠨ ᠢ ᠲᠦᠷᠢᠮᠡᠬᠡᠶᠢᠯᠡᠨ ᠡᠵᠡᠯᠡᠵᠡᠢ᠃ ᠭᠤᠤ ᠴᠢᠶᠤᠤ ᠬᠠᠷᠢ ᠶᠢᠨ ᠪᠤᠭᠤᠯ ᠪᠣᠯᠬᠤ ᠳᠤᠷ᠎ᠠ ᠦᠭᠡᠢ ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠᠨ ᠲᠡᠭᠦᠰᠬᠦ ᠠᠴᠠ ᠡᠮᠦᠨ᠎ᠡ ᠾᠤᠪᠸᠢ ᠮᠤᠵᠢ ᠶᠢᠨ ᠵᠡᠭᠦᠨ ᠬᠡᠰᠡᠭ ᠢᠶᠠᠷ ᠤᠯᠤᠰ ᠢᠶᠠᠨ ᠠᠪᠤᠷᠠᠬᠤ ᠵᠠᠮ ᠮᠥᠷ ᠢ ᠬᠠᠶᠢᠵᠠᠢ᠃ 1934 ᠣᠨ ᠳᠤ ᠯᠦᠸᠧᠶᠠᠩ ᠳᠤ ᠬᠦᠷᠴᠦ ᠴᠡᠷᠢᠭ ᠤᠨ ᠣᠹᠢᠼᠧᠷ ᠤᠨ ᠳᠥᠷᠪᠡᠳᠦᠭᠡᠷ ᠬᠤᠭᠤᠴᠠᠭ᠎ᠠ ᠶᠢᠨ ᠠᠩᠭᠢ ᠳᠤ ᠰᠤᠷᠤᠯᠴᠠᠵᠠᠢ᠃ ᠰᠤᠷᠤᠯᠭ᠎ᠠ ᠲᠡᠭᠦᠰᠦᠭᠰᠡᠨ ᠤ ᠲᠠᠷᠠᠭ᠎ᠠ᠂ ᠭᠤᠮᠢᠨᠳᠠᠩ ᠤᠨ ᠴᠡᠷᠢᠭ ᠠᠩᠭᠢ ᠳᠤ ᠣᠴᠢᠵᠤ ᠲᠤᠰᠢᠶᠠᠯ ᠡᠭᠦᠷᠭᠡᠯᠡᠭᠰᠡᠨ ᠦᠭᠡᠢ ᠬᠠᠷᠢᠨ ᠡᠾᠤᠪᠸᠢ ᠶᠢᠨ ᠵᠡᠭᠦᠨ ᠬᠡᠰᠡᠭ ᠤᠨ ᠪᠣᠭᠤᠮᠲᠠ ︵ᠲᠠᠩᠱᠠᠨ︶ ᠳᠤ ᠬᠥᠯᠥᠰᠦᠨ ᠠᠵᠢᠯᠲᠠᠨ ᠬᠢᠵᠡᠢ᠃ 1938 ᠣᠨ ᠤ ᠡᠬᠢ ᠪᠠᠷ ᠭᠤᠤ ᠴᠢᠶᠤᠤ ᠪᠣᠯᠤᠨ ᠬᠠᠭᠤᠷᠮᠠᠭ ᠾᠤᠪᠸᠢ ᠮᠤᠵᠢ ᠶᠢᠨ ᠵᠡᠭᠦᠨ ᠬᠡᠰᠡᠭ ᠲᠠᠬᠢ ᠡᠪ ᠬᠠᠮᠲᠤ ᠨᠠᠮ ᠢ ᠰᠡᠷᠭᠡᠶᠢᠯᠡᠬᠦ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠴᠠᠭᠳᠠᠭᠠᠨ ᠤ ᠶᠠᠪᠤᠳᠠᠯ ᠤᠨ ᠲᠢᠩᠬᠢᠮ ᠤᠨ ᠰᠠᠯᠠᠭᠠᠨ ᠳᠠᠷᠤᠭ᠎ᠠ ᠵᠦ ᠰᠢᠨ ᠲᠤᠤ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠭᠡᠰᠢᠭᠦᠨ︶  ᠲᠠᠢ ᠬᠠᠷᠢᠯᠴᠠᠬᠤ ᠳᠤᠮᠳᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠤᠪᠸᠢ ᠮᠤᠵᠢ ᠶᠢᠨ ᠨᠠᠮ ᠤᠨ ᠬᠤᠷᠢᠶᠠᠨ ᠤ ᠤᠳᠤᠷᠢᠳᠬᠤ ᠬᠥᠮᠦᠰ ᠤᠨ ᠨᠢᠭᠡ ᠪᠣᠯᠬᠤ ᠯᠢ ᠴᠦ ᠯᠢ ᠲᠠᠢ ᠲᠠᠨᠢᠯᠴᠠᠵᠤ᠂ ᠲᠡᠷᠡ ᠦᠶ᠎ᠡ ᠠᠴᠠ ᠡᠬᠢᠯᠡᠨ ᠨᠠᠮ ᠤᠨ ᠲᠥᠯᠥᠭᠡ ᠪᠠᠭ᠎ᠠ ᠰᠠᠭ᠎ᠠ ᠠᠵᠢᠯ ᠬᠢᠵᠦ ᠡᠬᠢᠯᠡᠵᠡᠢ᠃ ᠲᠤᠰ ᠵᠢᠯ  ᠳᠤᠨᠢ ᠯᠢ ᠴᠦ ᠯᠢ ᠶᠢᠨ ᠲᠠᠨᠢᠯᠴᠠᠭᠤᠯᠭ᠎ᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠡᠢ᠃ 7 ᠰᠠᠷ᠎ᠠ ᠳᠤ ᠵᠣᠬᠢᠶᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠲᠡᠷᠡ ᠠᠭᠤᠯᠠ ᠤᠰᠤ ᠶᠢ ᠲᠤᠭᠤᠯᠵᠤ ᠯᠢ ᠶᠦᠨ ᠴᠠᠩ ᠢ ᠡᠷᠢᠵᠦ ᠣᠯᠣᠨ᠂ ᠾᠤᠪᠸᠢ ᠶᠢᠨ ᠵᠡᠭᠦᠨ ᠬᠡᠰᠡᠭ ᠤᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠳᠤ ᠣᠷᠣᠯᠴᠠᠵᠤ᠂ ᠤᠷᠢᠳᠠᠪᠠᠷ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠰᠧᠯᠢᠩᠪᠦ᠋ ᠶᠢᠨ ᠳᠣᠲᠣᠷ᠎ᠠ ᠪᠠᠶᠢᠯᠳᠤᠭᠠᠨ ᠤ ᠱᠲ᠋ᠠᠪᠴᠢ ᠶᠢᠨ ᠲᠤᠰᠢᠶᠠᠯ ᠬᠠᠷᠢᠭᠤᠴᠠᠵᠤ ᠪᠠᠶᠢᠪᠠ᠂ ᠰᠡᠭᠦᠯᠡᠷ ᠨᠢ ᠪᠠᠰᠠ ᠲᠠᠪᠤᠳᠤᠭᠠᠷ ᠶᠡᠷᠦᠩᠬᠡᠶ ᠠᠩᠭᠢ ᠶᠢᠨ ᠳᠡᠳ᠋ ᠱᠲ᠋ᠠᠪ ᠤᠨ ᠳᠠᠷᠤᠭ᠎ᠠ᠂ ᠲᠠᠪᠤᠳᠤᠭᠠᠷ ᠳᠤᠮᠳᠠ ᠠᠩᠭᠢ ᠶᠢᠨ ᠳᠠᠷᠤᠭ᠎ᠠ ᠪᠣᠯᠵᠠᠶ᠃ ᠾᠤᠪᠸᠢ ᠶᠢᠨ ᠵᠡᠭᠦᠨ ᠬᠡᠰᠡᠭ ᠲᠤ ᠶᠠᠫᠣᠨ ᠢ ᠡᠰᠡᠷᠭᠦᠴᠡᠬᠦ ᠪᠣᠰᠣᠯᠭ᠎ᠠ ᠭᠠᠷᠭᠠᠭᠰᠠᠨ ᠤ ᠳᠠᠷᠠᠭ᠎ᠠ᠂ ᠶᠠᠫᠣᠨ ᠴᠡᠷᠢᠭ ᠪᠠ ᠬᠠᠭᠤᠷᠮᠠᠭ ᠴᠡᠷᠢᠭ ᠶᠠᠫᠣᠨ ᠢ ᠡᠰᠡᠷᠭᠦᠴᠡᠬᠦ ᠡᠩᠨᠡᠭᠡ ᠳᠤ ᠪᠦᠰᠡᠯᠡᠨ ᠤᠰᠠᠳᠬᠠᠯᠲᠠ ᠱᠠᠯᠠᠪᠳᠠᠨ ᠬᠢᠵᠦ ᠲᠡᠮᠡᠴᠡᠯ ᠤᠨ ᠣᠷᠴᠢᠨ ᠪᠠᠶᠢᠳᠠᠯ ᠨᠡᠩ ᠬᠠᠲᠠᠭᠤ ᠪᠡᠷᠬᠡᠰᠢᠶᠡᠯ ᠲᠠᠢ ᠪᠠᠶᠢᠪᠠ᠂ ᠭᠡᠪᠡᠴᠦ ᠭᠤᠤ ᠴᠢᠶᠤᠤ ᠶᠢᠨ ᠳᠠᠭᠠᠭᠤᠯᠤᠭᠰᠠᠨ ᠲᠠᠪᠤᠳᠤᠭᠠᠷ ᠳᠤᠮᠳᠠ ᠠᠩᠭᠢ ᠨᠢ ᠬᠠᠷᠢᠨ ᠤᠯᠠᠮ ᠠᠮᠢᠳᠤᠯᠢᠭ ᠪᠠᠶᠢᠯᠳᠤᠵᠤ ᠳᠠᠶᠢᠰᠤᠨ ᠳᠤ ᠴᠣᠬᠢᠯᠲᠠ ᠥᠭᠴᠦ ᠪᠠᠶᠢᠪᠠ᠃ 1939 ᠣᠨ ᠤ ᠵᠤᠨ ᠂ ᠲᠡᠳᠡ ᠲᠢᠶᠠᠨᠵᠢᠨ ᠴᠢᠨ ᠬᠤᠸᠠᠩ ᠳ᠋ᠣᠣ ᠲᠡᠮᠦᠷ ᠵᠠᠮ ᠢ ᠳᠠᠪᠠᠵᠤ᠂ ᠽᠤᠩ ᠵᠢᠶᠠ ᠸᠠᠨ ᠤ ᠰᠠᠭᠤᠷᠢᠨ ᠭᠠᠵᠠᠷ ᠢ ᠳᠠᠭᠠᠷᠢᠨ ᠴᠣᠬᠢᠵᠤ ᠳᠠᠶᠢᠰᠤᠨ ᠤ ᠨᠢᠭᠡ ᠴᠠᠭᠳᠠᠭ᠎ᠠ ᠶᠢᠨ ᠳᠤᠮᠳᠠ ᠠᠩᠭᠢ ᠶᠢ ᠤᠰᠠᠳᠬᠠᠵᠠᠢ᠃ ᠲᠤᠰ ᠵᠢᠯ ᠤᠨ ᠨᠠᠮᠤᠷ ᠾᠤᠪᠸᠢ ᠶᠢᠨ ᠵᠡᠭᠦᠨ ᠬᠡᠰᠡᠭ ᠤᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠡᠩᠨᠡᠭᠡ ᠶᠢ ᠨᠠᠶ᠋ᠮᠠᠳᠤᠭᠠᠷ ᠵᠠᠮ ᠤᠨ ᠴᠡᠷᠢᠭ ᠤᠨ ᠬᠤᠷᠢᠨ ᠨᠠᠶ᠋ᠮᠠ᠂ ᠬᠤᠷᠢ ᠶᠢᠰᠦ᠂ ᠭᠤᠴᠢᠳᠤᠭᠠᠷ ᠬᠤᠷᠢᠶ᠎ᠠ ᠪᠣᠯᠭᠠᠨ ᠥᠭᠡᠷᠡᠴᠢᠯᠡᠵᠦ᠂ ᠭᠤᠤ ᠴᠢᠶᠤᠤ ᠬᠤᠷᠢᠨ ᠨᠠᠶ᠋ᠮᠠᠳᠤᠭᠠᠷ ᠬᠤᠷᠢᠶ᠎ᠠ ᠶᠢᠨ ᠨᠢᠭᠡᠳᠦᠭᠡᠷ ᠪᠠᠲᠯᠢᠶᠣᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠴᠡᠷᠢᠭ ᠤᠨ ᠡᠩᠨᠡᠭᠡ ᠶᠢ ᠥᠭᠡᠷᠡᠴᠢᠯᠡᠨ ᠪᠠᠶᠢᠭᠤᠯᠤᠭᠰᠠᠨ ᠤ ᠲᠠᠷᠠᠭ᠎ᠠ᠂ ᠫᠢᠩ ᠰᠢ ᠳᠤ ᠣᠴᠢᠵᠤ ᠴᠡᠭᠴᠡᠯᠡᠨ ᠪᠣᠯᠪᠠᠰᠤᠷᠠᠭᠤᠯᠵᠤ᠂ ᠳᠡᠮᠡᠶ ᠤᠳᠠᠭᠰᠠᠨ ᠦᠭᠡᠢ ᠭᠤᠤ ᠴᠢᠶᠤᠤ ᠪᠠᠰᠠ ᠱᠠᠨ ᠰᠢ ᠴᠠᠬᠠᠷ ᠾᠤᠪᠸᠢ ᠶᠢᠨ ᠲᠥᠪ ᠤᠨ ᠬᠤᠪᠢᠶᠠᠷᠢ ᠲᠣᠪᠴᠢᠶᠠᠨ ᠤ ᠨᠠᠮ ᠤᠨ ᠰᠤᠷᠭᠠᠭᠤᠯᠢ ᠳᠤ ᠰᠤᠷᠤᠯᠴᠠᠪᠠ᠃     1940 ᠣᠨ ᠤ ᠵᠤᠨ ᠡᠾᠤᠪᠸᠢ ᠮᠤᠵᠢ ᠶᠢᠨ ᠵᠡᠭᠦᠨ ᠬᠡᠰᠡᠭ ᠲᠤ ᠠᠷᠪᠠᠨ ᠭᠤᠷᠪᠠᠳᠤᠭᠠᠷ ᠬᠤᠷᠢᠶ᠎ᠠ ᠪᠠᠶᠢᠭᠤᠯᠤᠭᠳᠠᠵᠤ᠂ ᠭᠤᠤ ᠴᠢᠶᠤᠤ ᠨᠠᠮ ᠤᠨ ᠰᠤᠷᠭᠠᠭᠤᠯᠢ ᠠᠴᠠ ᠲᠡᠭᠦᠰᠴᠦ᠂ ᠠᠷᠪᠠᠨ ᠭᠤᠷᠪᠠᠳᠤᠭᠠᠷ ᠬᠤᠷᠢᠶ᠎ᠠ ᠶᠢᠨ ᠨᠢᠭᠡᠳᠦᠭᠡᠷ ᠪᠠᠲᠯᠢᠶᠣᠨ ᠤ ᠳᠠᠷᠤᠭ᠎ᠠ ᠪᠣᠯᠵᠠᠶ᠃ ᠠᠷᠪᠠᠨ ᠭᠤᠷᠪᠠᠳᠤᠭᠠᠷ ᠬᠤᠷᠢᠶ᠎ᠠ ᠨᠢ ᠰᠢᠰᠢ ᠶᠢᠨ ᠲᠠᠷᠢᠶ᠎ᠠ ᠳᠤ ᠲᠦᠰᠢᠭᠯᠡᠨ᠂ ᠥᠷᠭᠡᠨ ᠳᠡᠯᠭᠡᠷᠡᠩᠭᠦᠶ ᠲᠠᠭᠠᠷᠢᠯᠳᠠ ᠬᠢᠵᠦ᠂ ᠨᠢᠭᠡ ᠯᠡ ᠠᠮᠢᠰᠬᠤᠭ᠎ᠠ ᠪᠠᠷ ᠵᠢᠶ ᠰᠢᠶᠠᠨ᠂ ᠪᠤᠦᠳᠢ ᠰᠢᠶᠠᠨ ᠂ ᠢᠦᠶ ᠲᠢᠶᠠᠨ ᠰᠢᠶᠠᠨ ᠵᠡᠷᠭᠡ ᠭᠤᠷᠪᠠᠨ ᠭᠤᠣᠯ ᠰᠢᠶᠠᠨ ᠤ ᠬᠠᠭᠤᠷᠮᠠᠭ ᠴᠡᠷᠢᠭ ᠤᠨ ᠰᠠᠭᠤᠷᠢᠨ ᠢ ᠳᠠᠭᠠᠷᠢᠨ ᠡᠪᠳᠡᠵᠡᠢ᠃ 12 ᠰᠠᠷ᠎ᠠ ᠳᠤ᠂ ᠭᠤᠤ ᠴᠢᠶᠤᠤ ᠶᠢᠨ ᠴᠡᠷᠢᠭ ᠵᠠᠷᠯᠢᠭ ᠬᠦᠯᠢᠶᠡᠨ ᠳ᠋ᠠ ᠭᠤᠸᠠᠨ ᠴᠢᠦᠶ ᠣᠷᠴᠢᠮ ᠶᠠᠫᠣᠨ ᠴᠡᠷᠢᠭ ᠤᠨ ᠨᠢᠭᠡᠨ ᠳᠤᠭᠤᠶ ᠲᠡᠷᠭᠡᠨ ᠨᠤᠲᠤᠭ ᠴᠡᠪᠡᠷᠯᠡᠬᠦ ᠠᠩᠬᠢ ᠶᠢ ᠪᠦᠭᠭᠦᠨ ᠴᠣᠬᠢᠵᠤ ᠨᠢᠭᠡ ᠴᠠᠭ ᠤᠨ ᠳᠣᠲᠣᠷ᠎ᠠ ᠳᠠᠶᠢᠯᠠᠯᠳᠤᠭᠠᠨ ᠳᠠᠭᠤᠰᠴᠤ᠂ ᠨᠢᠭᠡᠨ ᠶᠠᠫᠣᠨ ᠴᠡᠷᠢᠭ ᠳᠤᠲᠠᠭᠠᠭᠰᠠᠨ ᠠᠴᠠ ᠭᠠᠳᠠᠨ᠎ᠠ᠂ ᠪᠤᠰᠤᠳ ᠨᠢ ᠴᠥᠮ ᠰᠥᠨᠥᠭᠡᠭᠳᠡᠪᠡ᠃ ᠫᠦ᠋ᠯᠤᠮᠶᠤᠲ ᠨᠢᠭᠡ᠂ ᠭᠠᠷᠨᠠᠲᠠ ᠰᠢᠳᠡᠬᠦ ᠬᠤᠩᠬᠢᠶ᠎ᠠ ᠬᠤᠶᠠᠷ᠂ ᠬᠡᠳᠦᠨ ᠠᠷᠪᠠᠨ ᠫᠤᠤ ᠬᠡᠳᠦᠨ ᠠᠷᠪᠠᠨ ᠳᠤᠭᠤᠶ ᠲᠡᠷᠭᠡ ᠣᠯᠵᠠᠯᠠᠵᠤ᠂ ᠮᠠᠨ ᠤ ᠴᠡᠷᠢᠭ ᠨᠢᠭᠡ ᠴᠦ ᠬᠥᠮᠦᠨ ᠦᠬᠦᠵᠦ ᠰᠢᠷᠬᠠᠲᠤᠭᠰᠠᠨ ᠦᠭᠡᠢ ᠪᠠᠶᠢᠵᠤ᠂ ᠳᠡᠭᠡᠳᠦ ᠱᠠᠲᠤᠨ ᠤ ᠰᠠᠶᠢᠰᠢᠶᠠᠯ ᠢ ᠣᠯᠤᠭᠰᠠᠨ ᠪᠠᠶᠢᠨ᠎ᠠ᠃     1941 ᠣᠨ ᠤ 3 ᠰᠠᠷ᠎ᠠ ᠳᠤ ᠭᠤᠤ ᠴᠢᠶᠤᠤ᠂ ᠵᠧᠩ ᠽᠢ ᠮᠢᠩ ᠤᠨ ᠤᠳᠤᠷᠢᠳᠤᠭᠰᠠᠨ ᠨᠢᠭᠡᠳᠦᠭᠡᠷ ᠪᠠᠲᠯᠢᠶᠣᠨ ᠨᠢ ︽ᠮᠤᠷᠤᠶ ᠱᠤᠭᠤᠮ ᠢᠶᠠᠷ ᠤᠯᠤᠰ ᠢᠶᠠᠨ ᠠᠪᠤᠷᠠᠬᠤ︾ ᠭᠡᠳᠡᠭ ᠵᠧᠩ ᠵᠢᠦ ᠷᠦ ᠶᠢᠨ ᠬᠤᠯᠢᠮᠠᠭ ᠵᠡᠪᠰᠡᠭᠲᠦ ᠬᠦᠴᠦᠨ ᠢ ᠲᠠᠷᠬᠠᠭᠠᠵᠠᠢ᠃ 4 ᠰᠠᠷ᠎ᠠ ᠳᠤ ᠭᠤᠤ ᠴᠢᠶᠤᠤ ᠴᠡᠷᠢᠭ ᠠᠩᠭᠢ ᠪᠠᠨ ᠳᠠᠭᠠᠭᠤᠯᠤᠨ ᠢᠥᠢ ᠲᠢᠶᠠᠨ ᠰᠢᠶᠠᠨ ᠤ ᠶᠠᠩ ᠵᠢᠶᠠ ᠪᠠᠨ ᠴᠢᠶᠤᠤ ᠲᠣᠰᠬᠤᠨ ᠤ ᠰᠢᠶᠤᠤ ᠭᠤᠤ ᠵᠤᠸᠠᠩ ᠲᠣᠰᠬᠤᠨ ᠳᠤ ᠶᠠᠫᠣᠨ ᠴᠡᠷᠢᠭ ᠤᠨ 3 ᠮᠠᠰᠢᠨ ᠲᠡᠷᠭᠡ ᠶᠢ ᠳᠠᠭᠠᠷᠢᠨ ᠡᠪᠳᠡᠵᠡᠢ᠃ 5 ᠰᠠᠷ᠎ᠠ ᠳᠤ ᠭᠤᠤ ᠴᠢᠶᠤᠤ ᠾᠤᠪᠸᠢ ᠶᠢᠨ ᠵᠡᠭᠦᠨ ᠬᠡᠰᠡᠭ ᠤᠨ ᠴᠡᠷᠢᠭ ᠤᠨ ᠬᠤᠪᠢᠶᠠᠷᠢ ᠲᠣᠭᠤᠷᠢᠭ ᠤᠨ ᠰᠧᠯᠢᠩᠶᠤᠸᠠᠨ ᠯᠢ ᠶᠦᠨ ᠴᠠᠩ ᠤᠨ ᠪᠡᠶ᠎ᠡ ᠪᠠᠷ ᠢᠶᠠᠨ ᠤᠳᠤᠷᠢᠳᠤᠭᠰᠠᠨ ᠴᠢᠥᠢ ᠯᠢᠶᠠᠩ ᠾᠧ ᠶᠢᠨ ᠫᠠᠷᠲ᠋ᠢᠽᠠᠨ ᠳᠠᠶᠢᠨ ᠳᠤ ᠣᠷᠣᠯᠴᠠᠵᠠᠢ᠃     1942 ᠣᠨ ᠤ ᠬᠠᠪᠤᠷ ᠵᠤᠨ ᠤ ᠬᠤᠭᠤᠷᠣᠨᠳᠣ ᠭᠤᠤ ᠴᠢᠶᠤᠤ ᠬᠢᠯᠢ ᠶᠢᠨ ᠫᠠᠶᠢᠰᠠ᠂ ᠱᠢ ᠺᠧ ᠱᠦ ᠶᠢᠨ ᠪᠦᠭᠭᠦᠨ ᠴᠣᠬᠢᠬᠤ ᠪᠠᠶᠢᠯᠳᠤᠭᠠᠨ ᠳᠤ ᠪᠦᠷ ᠢᠯᠠᠯᠲᠠ ᠣᠯᠤᠭᠰᠠᠨ ᠪᠠᠶᠢᠨ᠎ᠠ᠃ ᠲᠤᠰ ᠵᠢᠯ ᠤᠨ ᠨᠠᠮᠤᠷ ᠭᠤᠤ ᠴᠢᠶᠤᠤ ᠠᠷᠪᠠᠨ ᠨᠢᠭᠡᠳᠦᠭᠡᠷ ᠬᠤᠷᠢᠶ᠎ᠠ  ᠳᠤ ᠰᠢᠯᠵᠢᠵᠦ ᠱᠲ᠋ᠠᠪ ᠤᠨ ᠳᠠᠷᠤᠭ᠎ᠠ ᠪᠣᠯᠵᠠᠢ᠃ 1942 ᠣᠨ ᠤ ᠵᠤᠨ ᠾᠤᠪᠸᠢ ᠮᠤᠵᠢ ᠶᠢᠨ ᠵᠡᠭᠦᠨ ᠬᠡᠰᠡᠭ ᠤᠨ ᠬᠤᠷᠢᠶ᠎ᠠ ᠪᠠ ᠴᠡᠷᠢᠭ ᠤᠨ ᠬᠤᠪᠢᠶᠠᠷᠢ ᠲᠣᠭᠤᠷᠢᠭ ᠠᠴᠠ ᠭᠤᠤ ᠴᠢᠶᠤᠤ᠂ ᠵᠧᠦ ᠵᠢᠶᠠ ᠮᠧᠶ ︵ᠠᠷᠪᠠᠨ ᠬᠤᠶᠠᠳᠤᠭᠠᠷ ᠬᠤᠷᠢᠶ᠎ᠠ ᠶᠢᠨ ᠱᠲ᠋ᠠᠪ ᠤᠨ ᠳᠠᠷᠤᠭ᠎ᠠ︶᠂ ᠶᠠᠩ ᠰᠧ ᠯᠦ ᠲᠤᠰᠪᠦᠷᠢ ᠨᠢᠭᠡ ᠪᠦᠯᠦᠭ ᠴᠡᠷᠢᠭ ᠤᠨ ᠭᠤᠣᠯ ᠬᠦᠴᠦᠨ ᠨᠡᠶᠢᠲᠡ 700 ᠭᠠᠷᠤᠶ ᠬᠥᠮᠦᠨ ᠢ ᠳᠠᠭᠠᠭᠤᠯᠵᠤ᠂ ᠴᠧᠩᠳᠧ᠂ ᠫᠢᠡᠭᠴᠢᠦᠸᠠᠨ᠂ ᠨᠢᠩᠴᠧᠩ ᠵᠡᠷᠭᠡ ᠭᠠᠵᠠᠷ ᠣᠷᠣᠨ ᠳᠤ ᠠᠵᠢᠯᠯᠠᠭ᠎ᠠ ᠥᠷᠨᠢᠭᠦᠯᠵᠦ᠂ ᠷᠤᠾᠤ ᠶᠢᠨ ᠠᠭᠤᠯᠠᠷᠬᠠᠭ ᠣᠷᠣᠨ ᠤ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃ ᠡᠨᠡ ᠬᠦ ᠭᠠᠵᠠᠷ ᠣᠷᠣᠨ ᠨᠢ ᠶᠠᠫᠣᠨ ᠬᠠᠭᠤᠷᠮᠠᠭ ᠮᠠᠨᠵᠤ ᠶᠢᠨ ᠨᠣᠶᠠᠷᠬᠠᠯ ᠢ ᠬᠠᠮᠤᠭ ᠤᠨ ᠬᠠᠶᠢᠷ᠎ᠠ ᠨᠠᠶᠢᠷ ᠦᠭᠡᠢ ᠬᠦᠷᠲᠡᠭᠰᠡᠨ ᠭᠠᠵᠠᠷ ᠣᠷᠣᠨ ᠪᠠᠶᠢᠵᠤ᠂ ᠶᠠᠫᠣᠨ ᠴᠡᠷᠢᠭ ᠬᠠᠭᠤᠷᠮᠠᠭ ᠴᠡᠷᠢᠭ ᠤᠨ ᠬᠦᠴᠦ ᠣᠷᠣᠭᠤᠯᠤᠨ ᠪᠠᠶᠢᠭᠤᠯᠤᠭᠰᠠᠨ ᠠᠷᠤ ᠲᠠᠯ᠎ᠠ ᠶᠢᠨ ᠰᠠᠭᠤᠷᠢᠨ ᠭᠠᠵᠠᠷ ᠪᠣᠯᠣᠨ᠎ᠠ᠃ ᠭᠤᠤ ᠴᠢᠶᠤᠤ ᠶᠢᠨ ᠴᠡᠷᠢᠭ ᠬᠦᠷᠦᠭᠰᠡᠨ ᠤ ᠰᠡᠭᠦᠯᠡᠷ᠂ 11 ᠰᠠᠷ᠎ᠠ ᠶᠢᠨ 13 ᠠᠴᠠ 17 ᠬᠦᠷᠲᠡᠯ᠎ᠡ ᠰᠠᠨ ᠭᠸᠦ᠂ ᠬᠤᠸᠠᠩ ᠲᠤ ᠯᠢᠶᠠᠩ ᠽᠢ᠂ ᠵᠢᠷᠭᠤᠳᠤᠭᠠᠷ ᠭᠤᠤ᠂ ᠳᠣᠯᠣᠳᠤᠭᠠᠷ ᠭᠤᠤ ᠶᠢᠨ 3 ᠴᠠᠭᠳᠠᠭᠠᠨ ᠤ ᠵᠠᠬᠢᠷᠭ᠎ᠠ ᠪᠣᠯᠤᠨ 11 ᠴᠠᠭᠳᠠᠭ᠎ᠠ ᠶᠢᠨ ᠬᠤᠪᠢᠶᠠᠷᠢ ᠭᠠᠵᠠᠷ᠂ ᠱᠠᠩ ᠭᠦ᠋᠂ ᠶᠦᠩ ᠾᠧ ᠬᠤᠶᠠᠷ ᠭᠠᠯᠲᠤ ᠲᠡᠷᠭᠡᠨ ᠦᠷᠳᠡᠭᠡ ᠶᠢ ᠴᠣᠬᠢᠨ ᠡᠵᠡᠯᠡᠵᠦ᠂ ᠶᠠᠪᠠᠭᠠᠨ ᠫᠤᠤ ᠭᠠᠷ ᠫᠤᠤ 17 ᠵᠢᠴᠢ ᠦᠯᠡᠮᠵᠢ ᠠᠷᠪᠢᠨ ᠰᠤᠮᠤ ᠲᠠᠷᠢ᠂ ᠠᠮᠤ ᠪᠤᠳᠠᠭ᠎ᠠ᠂ ᠪᠦᠰ ᠪᠠᠷᠠᠭ᠎ᠠ ᠣᠯᠵᠠᠯᠠᠵᠠᠢ᠃ ᠬᠦᠷᠦᠭᠰᠡᠨ ᠭᠠᠵᠠᠷ ᠪᠦᠬᠦᠨ ᠳᠤ ᠴᠥᠮ ︽ᠡᠵᠡᠷᠬᠡᠭ ᠲᠦᠷᠢᠮᠡᠬᠡᠶᠢᠲᠡᠨ ᠢ ᠴᠣᠬᠢᠨ ᠤᠨᠠᠭᠠᠶ᠎ᠠ︾᠂ ︽ᠳᠤᠮᠳᠠᠳᠤ ᠤᠯᠤᠰ ᠤᠨ ᠬᠥᠮᠦᠨ ᠦᠬᠦᠪᠡᠴᠦ ᠬᠠᠷᠢ ᠶᠢᠨ ᠪᠤᠭᠤᠯ ᠪᠣᠯᠬᠤ ᠦᠭᠡᠢ︾ ᠭᠡᠬᠦ ᠮᠡᠲᠦ ᠶᠢᠨ ᠤᠷᠢᠶ᠎ᠠ ᠯᠣᠽᠦ᠋ᠩ ᠪᠢᠴᠢᠵᠦ ︽ᠠᠬ᠎ᠠ ᠳᠡᠭᠦᠦ ᠨᠡᠷ ᠲᠤ ᠥᠭᠬᠦ ᠪᠢᠴᠢᠭ︾ ᠲᠠᠷᠬᠠᠭᠠᠵᠤ ᠪᠠᠶᠢᠵᠠᠢ᠃     ᠲᠤᠰ ᠵᠢᠯ ᠤᠨ 11 ᠰᠠᠷ᠎ᠠ ᠳᠤ ᠶᠠᠫᠣᠨ ᠬᠠᠭᠤᠷᠮᠠᠭ ᠴᠡᠷᠢᠭ 16 ᠲᠦᠮᠡᠨ ᠭᠠᠷᠤᠶ ᠬᠥᠮᠦᠨ ᠢ ᠵᠣᠬᠢᠶᠠᠨ ᠪᠠᠶᠢᠭᠤᠯᠵᠤ᠂ ᠶᠠᠫᠣᠨ ᠢ ᠡᠰᠡᠷᠭᠦᠴᠡᠬᠦ ᠵᠡᠪᠰᠡᠭᠲᠦ ᠬᠦᠴᠦᠨ ᠢ ᠪᠦᠰᠡᠯᠡᠨ ᠴᠣᠬᠢᠵᠠᠢ᠂ ᠲᠡᠭᠡᠭᠡᠳ ᠭᠤᠣᠯ ᠬᠦᠴᠦᠨ ᠴᠡᠷᠢᠭ  ᠨᠢ ᠾᠤᠪᠸᠢ ᠶᠢᠨ ᠵᠡᠭᠦᠨ ᠬᠡᠰᠡᠭ ᠲᠤ ᠪᠤᠴᠠᠵᠤ᠂ ᠭᠤᠤ ᠴᠢᠶᠤᠤ ᠦᠯᠡᠳᠡᠭᠡᠭᠰᠡᠨ ᠠᠷᠪᠠᠨ ᠨᠢᠭᠡᠳᠦᠭᠡᠷ ᠬᠤᠷᠢᠶᠠᠨ ᠤ ᠬᠤᠶᠠᠳᠤᠭᠠᠷ ᠰᠤᠮᠤ ᠪᠠ ᠠᠷᠪᠠᠨ ᠬᠤᠶᠠᠳᠤᠭᠠᠷ ᠬᠤᠷᠢᠶᠠᠨ ᠤ ᠨᠢᠭᠡᠳᠦᠭᠡᠷ ᠰᠤᠮᠤ ᠶᠢᠨ ᠴᠡᠷᠢᠭ ᠢ ᠳᠠᠭᠠᠭᠤᠯᠤᠨ ᠦᠷᠭᠦᠯᠵᠢᠯᠡᠨ ᠶᠠᠫᠣᠨ ᠢ ᠡᠰᠡᠷᠭᠦᠴᠡᠵᠦ᠂ ᠴᠧᠩᠳᠧ ᠫᠢᠩᠴᠤᠸᠠᠨ ᠨᠢᠩᠴᠧᠩ ᠤᠨ ᠵᠡᠪᠰᠡᠭᠲᠦ ᠠᠵᠢᠯᠯᠠᠬᠤ ᠠᠩᠭᠢ ᠪᠠ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠢ ᠪᠠᠶᠢᠭᠤᠯᠵᠤ ᠪᠠᠶᠢᠵᠠᠢ᠃ 1943 ᠣᠨ ᠤ 2 ᠰᠠᠷ᠎ᠠ ᠶᠢᠨ ᠡᠬᠢᠨ ᠳᠤ᠂ ᠭᠤᠤ ᠴᠢᠶᠤᠤ᠂ ᠵᠧᠦ ᡁᠢ ᠭᠥᠸᠧ᠂ ᠶᠠᠨ ᠬᠠᠨ ᠴᠧᠨ ᠵᠡᠷᠭᠡ ᠬᠥᠮᠦᠰ ᠤᠨ ᠳᠠᠶᠢᠴᠢᠯᠠᠭᠰᠠᠨ ᠵᠡᠪᠰᠡᠭᠲᠦ ᠠᠵᠢᠯᠯᠠᠬᠤ ᠠᠩᠭᠢ ᠨᠢ ᠭᠤᠸᠠᠩ ᠲᠸᠦ ᠱᠠᠨ ᠠᠭᠤᠯᠠ ᠶᠢᠨ ᠪᠦᠰᠡᠯᠡᠯᠲᠡ ᠶᠢ ᠰᠢᠪᠲᠤᠯᠬᠤ ᠬᠠᠲᠠᠭᠤ ᠳᠠᠶᠢᠨ ᠢ ᠥᠩᠭᠡᠷᠡᠭᠡᠵᠡᠢ᠃ 5 ᠰᠠᠷ᠎ᠠ ᠳᠤ ᠠᠮᠢᠳᠤᠯᠢᠭ ᠪᠠᠶᠢᠯᠳᠤᠬᠤ ᠪᠣᠳᠣᠯᠭ᠎ᠠ ᠢᠶᠠᠷ ᠳᠠᠶᠢᠰᠤᠨ ᠳᠤ ᠴᠣᠬᠢᠯᠲᠠ ᠥᠭᠬᠦ ᠶᠢᠨ ᠲᠥᠯᠥᠭᠡ᠂ ᠨᠠᠶ᠋ᠮᠠᠳᠤᠭᠠᠷ ᠵᠠᠮ ᠤᠨ ᠴᠡᠷᠢᠭ ᠤᠨ ᠡᠾᠤᠪᠸᠢ ᠶᠢᠨ ᠵᠡᠭᠦᠨ ᠬᠡᠰᠡᠭ ᠤᠨ ᠴᠡᠷᠢᠭ ᠤᠨ ᠬᠤᠪᠢᠶᠠᠷᠢ ᠲᠣᠭᠤᠷᠢᠭ ᠨᠢ ᠭᠤᠷᠪᠠᠨ ᠲᠣᠭᠤᠷᠢᠭ ᠠᠩᠭᠢ ᠵᠣᠬᠢᠶᠠᠨ ᠪᠠᠶᠢᠭᠤᠯᠬᠤ ᠪᠠᠷ ᠲᠣᠭᠲᠠᠪᠠ᠃ ᠭᠤᠤ ᠴᠢᠶᠤᠤ ᠭᠤᠷᠪᠠᠨ ᠲᠣᠭᠤᠷᠢᠭ ᠠᠩᠭᠢ ᠶᠢᠨ ᠳᠠᠷᠤᠭ᠎ᠠ ᠶᠢ ᠬᠠᠷᠢᠭᠤᠴᠠᠵᠤ᠂ ᠬᠤᠸᠠᠩ ᠶᠦᠨ ︵ ᠶᠠᠩ ᠢᠥᠢ ᠮᠢᠨ︶ ᠤᠯᠤᠰ ᠲᠦᠷᠦ ᠶᠢᠨ ᠭᠡᠰᠢᠭᠦᠨ᠂ ᠵᠧᠩ ᠽᠢ ᠮᠢᠩ ︵ᠵᠧᠩ ᠸᠧᠶ ᠵᠢᠶᠠ︶ ᠳᠡᠳ᠋ ᠤᠯᠤᠰ ᠲᠦᠷᠦ ᠶᠢᠨ ᠭᠡᠰᠢᠭᠦᠨ ᠢ ᠬᠠᠷᠢᠭᠤᠴᠠᠵᠠᠢ᠃ ᠡᠭᠦᠨ ᠤ ᠵᠡᠷᠭᠡᠴᠡᠭᠡᠪᠡᠷ᠂ ᠭᠤᠤ ᠴᠢᠶᠤᠤ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠧᠩᠳᠧ ᠫᠢᠩᠴᠤᠸᠠᠨ ᠨᠢᠩᠴᠧᠩ ᠬᠤᠯᠪᠣᠭᠠᠲᠤ ᠰᠢᠶᠠᠨ ᠤ ᠠᠵᠢᠯ ᠤᠨ ᠺᠣᠮᠢᠰ ᠤᠨ ᠪᠦᠷᠢᠯᠳᠦᠬᠦᠨ ᠪᠣᠯᠭᠠᠬᠤ ᠪᠠᠷ ᠲᠣᠭᠲᠠᠵᠠᠢ᠃ 6 ᠰᠠᠷ᠎ᠠ ᠶᠢᠨ ᠡᠬᠢ ᠪᠠᠷ ᠭᠤᠤ ᠴᠢᠶᠤᠤ ᠭᠤᠷᠪᠠᠨ ᠲᠣᠭᠤᠷᠢᠭ ᠠᠩᠭᠢ ᠶᠢᠨ ᠴᠡᠷᠢᠭ ᠢᠶᠠᠨ ᠳᠠᠭᠠᠭᠤᠯᠤᠨ ᠴᠧᠩᠳᠧ ᠶᠢᠨ ᠬᠢᠯᠢ ᠳᠣᠲᠣᠷᠠᠬᠢ ᠶᠠᠨ ᠲᠦᠩ ᠱᠠᠨ ᠤ ᠮᠥᠩᠭᠦᠨ ᠠᠭᠤᠷᠬᠠᠶ ᠶᠢ ᠰᠠᠬᠢᠵᠤ ᠪᠠᠶᠢᠭ᠎ᠠ ᠶᠠᠫᠣᠨ ᠬᠠᠭᠤᠷᠮᠠᠭ ᠴᠡᠷᠢᠭ ᠢ ᠳᠠᠭᠠᠷᠢᠭᠠᠳ 20 ᠭᠠᠷᠤᠶ ᠫᠤᠤ ᠪᠠ ᠨᠢᠭᠡ ᠪᠦᠯᠦᠭ ᠡᠳ᠋ ᠪᠣᠳᠠᠰ ᠢ ᠣᠯᠵᠠᠯᠠᠭᠰᠠᠨ ᠪᠠᠶᠢᠨ᠎ᠠ᠃ ᠰᠡᠭᠦᠯᠡᠷ ᠨᠢ ᠴᠧᠩᠳᠧ ᠶᠢᠨ ᠠᠷᠪᠠᠨ ᠨᠢᠭᠡᠳᠦᠭᠡᠷ ᠭᠤᠤ᠂ ᠺᠧᠦ ᠵᠠᠩ ᠽᠢ ᠣᠷᠴᠢᠮ ᠬᠡᠳᠦ ᠤᠳᠠᠭ᠎ᠠ ᠪᠠᠶᠢᠯᠳᠤᠵᠠᠢ᠃ 8 ᠰᠠᠷ᠎ᠠ ᠶᠢᠨ 16 ᠤ ᠰᠥᠨᠢ ᠰᠠᠨ ᠽᠦᠸᠧ ᠳ᠋ᠢᠶᠠᠨ ᠤ ᠬᠠᠷ᠎ᠠ ᠲᠠᠮᠠᠬᠢ ᠶᠢᠨ ᠳᠤᠭᠤᠶᠢᠯᠠᠩ ᠢ ᠭᠡᠨᠡᠳᠡᠭᠦᠯᠦᠨ ᠳᠠᠭᠠᠷᠢᠵᠤ᠂ ᠶᠡᠭᠡ ᠬᠡᠮᠵᠢᠶᠡᠨ ᠤ ᠡᠳ᠋ ᠪᠣᠳᠠᠰ ᠣᠯᠵᠠᠯᠠᠵᠤ᠂ ᠵᠠᠯᠭᠠᠭᠠᠳ ᠭᠤᠷᠤᠬ᠎ᠠ ᠭᠤᠣᠯ ᠳᠤ ᠳᠠᠶᠢᠰᠤᠨ ᠤ ᠨᠢᠭᠡᠨ ᠰᠠᠯᠠᠭ᠎ᠠ ᠴᠡᠷᠢᠭ ᠴᠠᠭᠳᠠᠭ᠎ᠠ ᠶᠢ ᠪᠦᠬᠦᠨ ᠢ ᠰᠥᠨᠥᠭᠡᠵᠡᠢ᠃ 8 ᠰᠠᠷ᠎ᠠ ᠶᠢᠨ 20 ᠤ ᠡᠳᠦᠷ᠂ ᠭᠤᠤ ᠴᠢᠶᠤᠤ ᠭᠤᠷᠪᠠᠨ ᠲᠣᠭᠤᠷᠢᠭ ᠴᠡᠷᠢᠭ ᠠᠩᠭᠢ ᠪᠠᠨ ᠳᠠᠭᠠᠭᠤᠯᠵᠤ ᠫᠢᠩ ᠴᠢᠤᠸᠠᠨ ᠤ ᠴᠠᠩ ᠱᠧᠩ ᠭᠧᠤ ᠶᠢᠨ ᠫᠠᠨ ᠳ᠋ᠤᠤ ᠯᠢᠶᠠᠩ ᠳᠤ ᠪᠦᠭᠭᠦᠵᠦ᠂ ᠬᠠᠷᠠᠴᠢᠨ ᠳᠤᠮᠳᠠᠳᠤ ᠬᠤᠰᠢᠭᠤ ᠶᠢᠨ ᠵᠣᠬᠢᠴᠠᠭᠤᠯᠤᠨ ᠡᠶᠡᠳᠡᠭᠦᠯᠬᠦ ᠨᠡᠶᠢᠭᠡᠮᠯᠢᠭ ᠤᠨ ᠬᠡᠷᠡᠭ ᠡᠷᠬᠢᠯᠡᠭᠴᠢ᠂ ᠶᠠᠫᠣᠨ ᠬᠥᠮᠥᠨ ᠨᠢᠰᠢᠨᠠ ᠨᠣᠪᠦ᠋ᠤᠤ ᠵᠢᠴᠢ 30 ᠭᠠᠷᠤᠢ ᠶᠠᠫᠤᠨ ᠬᠠᠭᠤᠷᠮᠠᠭ ᠴᠡᠷᠢᠭ ᠢ ᠤᠰᠠᠳᠬᠠᠵᠠᠢ᠃ 9 ᠰᠠᠷ᠎ᠠ ᠶᠢᠨ 13 ᠠᠴᠠ 14 ᠬᠦᠷᠲᠡᠯ᠎ᠡ᠂ ᠭᠤᠤ ᠴᠢᠶᠤᠤ ᠭᠤᠷᠪᠠᠳᠤᠭᠠᠷ ᠲᠣᠭᠤᠷᠢᠭ ᠤᠨ ᠴᠡᠷᠢᠭ ᠠᠩᠭᠢ ᠪᠠᠨ ᠳᠠᠭᠠᠭᠤᠯᠵᠤ᠂ ᠲᠠᠪᠤᠳᠤᠭᠠᠷ ᠲᠣᠭᠤᠷᠢᠭ ᠤᠨ ᠨᠤᠲᠤᠭ ᠤᠨ ᠰᠢᠯᠢᠳᠡᠭ ᠠᠩᠬᠢ ᠶᠢᠨ ᠬᠠᠮᠵᠢᠯᠴᠠᠭ᠎ᠠ ᠳᠣᠣᠷ᠎ᠠ᠂ ᠫᠢᠩ ᠴᠢᠤᠸᠠᠨ ᠤ ᠲᠠᠢ ᠾᠧ ᠳ᠋ᠠᠩ ᠤᠨ ᠵᠡᠭᠦᠨ ᠭᠤᠤ᠂ ᠳ᠋ᠠ ᠶᠢᠩᠽᠢ ᠶᠢᠨ ᠵᠡᠭᠦᠨ ᠬᠤᠶᠢᠲᠤ ᠳᠤ ᠰᠢᠶᠧ ᠵᠠᠩ ᠽᠢ ᠭᠧᠤ ᠶᠢ ᠰᠠᠬᠢᠨ ᠰᠠᠭᠤᠵᠤ ᠪᠠᠶᠢᠭᠰᠠᠨ ᠶᠠᠮᠠᠮᠤᠲ᠋ᠤ᠋ ᠶᠢᠨ ᠴᠡᠷᠢᠭ ᠢ ᠤᠰᠠᠳᠬᠠᠵᠤ᠂ ᠠᠩᠭᠢ ᠶᠢᠨ ᠳᠠᠷᠤᠭ᠎ᠠ ᠶᠠᠮᠠᠮᠤᠲ᠋ᠤ᠋ ᠪᠠ ᠶᠠᠮᠠᠱᠢᠮᠠ ᠬᠢᠭᠡᠳ 20 ᠭᠠᠷᠤᠶ ᠶᠠᠫᠣᠨ ᠴᠡᠷᠢᠭ ᠢ ᠤᠰᠠᠳᠬᠠᠵᠠᠢ᠃ ᠭᠤᠤ ᠴᠢᠶᠤᠤ᠂ ᠬᠤᠸᠠᠩ ᠶᠦᠨ ᠵᠡᠷᠭᠡ ᠶᠢᠨ ᠤᠳᠤᠷᠢᠳᠤᠯᠭ᠎ᠠ ᠳᠣᠣᠷ᠎ᠠ᠂ 1943 ᠣᠨ ᠤ ᠨᠠᠮᠤᠷ ᠡᠪᠦᠯ ᠪᠣᠯᠬᠤ ᠳᠤ ᠵᠡᠭᠦᠨ ᠪᠠᠷᠠᠭᠤᠨ 600 ᠭᠠᠵᠠᠷ᠂ ᠡᠮᠦᠨ᠎ᠡ ᠤᠮᠠᠷ᠎ᠠ 300 ᠭᠠᠵᠠᠷ ᠤᠨ ᠬᠡᠪᠴᠢᠶᠡᠨ ᠳᠤ ᠨᠢᠭᠡᠨᠲᠡ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠤᠢ ᠪᠣᠯᠣᠭᠰᠠᠨ ᠪᠠᠶᠢᠨ᠎ᠠ᠃ 1943 ᠣᠨ ᠤ ᠨᠠᠮᠤᠷ᠂ ᠶᠠᠫᠣᠨ ᠬᠠᠭᠤᠷᠮᠠᠭ ᠴᠡᠷᠢᠭ ᠴᠧᠩᠳᠧ ᠫᠢᠩᠴᠤᠸᠠᠨ ᠨᠢᠩᠴᠧᠩ ‍ᠣᠷᠣᠨ ᠳᠤ ᠲᠦᠢᠯ ᠤᠨ ᠬᠠᠷᠭᠢᠰ ᠪᠠᠯᠠᠮᠠᠳ ︽ᠭᠤᠷᠪᠠᠨ ᠬᠤᠭᠤᠰᠣᠯᠠᠬᠤ︾ ︵ᠠᠯᠠᠵᠤ ᠬᠤᠭᠤᠰᠣᠯᠠᠬᠤ᠂ ᠭᠠᠯᠳᠠᠵᠤ ᠬᠤᠭᠤᠰᠣᠯᠠᠬᠤ᠂ ᠪᠤᠯᠢᠶᠠᠵᠤ ᠬᠤᠭᠤᠰᠣᠯᠠᠬᠤ︶ ᠲᠦᠷᠦ ᠶᠢᠨ ᠪᠤᠳᠤᠯᠭ᠎ᠠ ᠶᠠᠪᠤᠭᠤᠯᠵᠤ᠂᠂ ︽ᠬᠥᠮᠦᠨ ᠦᠭᠡᠢ ᠣᠷᠣᠨ︾ ᠢ ᠪᠤᠢ ᠪᠣᠯᠭᠠᠵᠤ ᠂ ᠭᠤᠤ ᠴᠢᠶᠤᠤ ᠶᠢᠨ ᠴᠡᠷᠢᠭ ᠠᠩᠭᠢ ᠲᠦᠢᠯ ᠤᠨ ᠶᠡᠭᠡ ᠪᠡᠷᠬᠡᠰᠢᠶᠡᠯ ᠲᠠᠢ ᠪᠠᠶᠢᠳᠠᠯ ᠳᠤ ᠤᠷᠤᠭᠰᠠᠨ ᠪᠠᠶᠢᠨ᠎ᠠ᠃ ᠵᠠᠷᠢᠮ ᠳᠠᠭᠠᠨ ᠬᠡᠳᠦᠨ ᠡᠳᠦᠷ ᠨᠢᠭᠡ ᠮᠥᠬᠦᠯᠢᠭ ᠠᠮᠤ ᠪᠤᠳᠠᠭ᠎ᠠ ᠣᠯᠵᠤ ᠢᠳᠡᠬᠦ ᠦᠭᠡᠢ ᠪᠠᠶᠢᠵᠤ᠂ ᠦᠷᠭᠦᠯᠵᠢ ᠬᠡᠭᠡᠷ᠎ᠡ ᠶᠢᠨ ᠨᠣᠭᠤᠭ᠎ᠠ ᠬᠡᠭᠡᠷ᠎ᠡ ᠶᠢᠨ ᠵᠢᠮᠢᠰ ᠢᠶᠠᠷ ᠦᠯ ᠳᠠᠷᠤᠵᠤ᠂ ᠬᠤᠪᠴᠠᠰᠤ ᠬᠤᠨᠠᠷ ᠨᠢ ᠴᠦ ᠨᠢᠮᠭᠡᠨ ᠪᠠᠶᠢᠵᠠᠢ᠃ ᠭᠡᠪᠡᠴᠦ ᠭᠤᠤ ᠴᠢᠶᠤᠤ ᠡᠷᠡᠰ ᠪᠠᠲᠤ ᠪᠠᠶᠢᠵᠤ᠂ ᠪᠠᠶᠢᠯᠳᠤᠭᠴᠢᠳ ᠢ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠶ ᠲᠡᠮᠡᠴᠡᠬᠦ ᠬᠡᠷᠡᠭᠲᠡᠢ ᠭᠡᠵᠦ ᠤᠷᠢᠶᠠᠯᠠᠭᠰᠠᠨ ᠪᠠᠶᠢᠨ᠎ᠠ᠃     1944 ᠣᠨ ᠤ 2 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠭᠤᠤ ᠴᠢᠶᠤᠤ ᠵᠡᠷᠭᠡ ᠤᠳᠤᠷᠢᠳᠬᠤ ᠬᠥᠮᠦᠰ ᠨᠠᠷᠢᠨ ᠨᠢᠭᠲᠠ ᠲᠥᠯᠥᠪᠯᠡᠭᠡ ᠬᠢᠵᠦ᠂ ᠭᠤᠷᠪᠠᠳᠤᠭᠠᠷ ᠲᠣᠭᠤᠷᠢᠭ ᠤᠨ ᠴᠡᠷᠢᠭ ᠠᠩᠭᠢ ᠪᠠ ᠣᠷᠣᠨ ᠨᠤᠲᠤᠭ ᠤᠨ ᠺᠠᠳ᠋ᠷ ᠢ ᠳᠠᠭᠠᠭᠤᠯᠤᠨ ᠨᠢᠩᠴᠧᠩ ᠰᠢᠶᠠᠨ ︵ᠤᠳᠤ ᠶᠢᠨ ᠰᠢᠶᠤᠤ ᠴᠧᠩ ᠽᠢ︶ ᠤ ᠴᠠᠭᠳᠠᠭᠠᠨ ᠤ ᠵᠠᠬᠢᠷᠭ᠎ᠠ᠂ ᠰᠢᠩ ᠨᠥᠩ ᠬᠤᠷᠰᠢᠶ᠎ᠠ᠂ ᠲᠤᠰᠬᠤᠨ ᠤ ᠠᠯᠪᠠᠨ ᠭᠠᠵᠠᠷ ᠢ ᠳᠠᠭᠠᠷᠢᠨ ᠰᠥᠨᠥᠭᠡᠵᠦ᠂ ᠬᠠᠭᠤᠷᠮᠠᠭ ᠴᠠᠭᠳᠠᠭ᠎ᠠ᠂ ᠬᠠᠭᠤᠷᠮᠠᠭ ᠠᠯᠪᠠᠨ ᠬᠠᠭᠠᠭᠴᠢᠳ ᠢ ᠤᠯᠠᠨ ᠬᠥᠮᠦᠨ ᠣᠯᠵᠠᠯᠠᠵᠤ᠂ ᠨᠢᠭᠡ ᠪᠦᠯᠦᠭ ᠫᠤᠤ ᠵᠡᠪᠰᠡᠭ ᠰᠤᠮᠤ ᠲᠠᠷᠢ ᠪᠠ ᠶᠡᠭᠡ ᠬᠡᠮᠵᠢᠶᠡᠨ ᠤ ᠪᠦᠰ ᠪᠠᠷᠠᠭ᠎ᠠ᠂ ᠣᠶᠢᠮᠣᠰᠤ ᠱᠠᠬᠠᠶ ᠬᠢᠭᠡᠳ 10 ᠭᠠᠷᠤᠶ ᠲᠦᠮᠡᠨ ᠲᠥᠭᠦᠷᠢᠭ ᠵᠣᠭᠤᠰ ᠣᠯᠵᠠᠯᠠᠵᠠᠢ᠃ 3 ᠰᠠᠷ᠎ᠠ ᠶᠢᠨ 1 ᠤ ᠡᠳᠦᠷ ᠳᠠᠶᠢᠰᠤᠨ ᠣᠯᠠᠨ ᠴᠡᠷᠢᠭ ᠴᠠᠭᠳᠠᠭ᠎ᠠ ᠶᠠᠪᠤᠭᠤᠯᠵᠤ ᠴᠧᠩᠳᠧ ᠫᠢᠩᠴᠤᠸᠠᠨ ᠨᠢᠩᠴᠧᠩ ᠳᠤ ᠱᠦᠭᠦᠷᠳᠡᠯᠲᠡ ᠬᠢᠵᠦ᠂ ᠭᠤᠷᠪᠠᠳᠤᠭᠠᠷ ᠲᠣᠭᠤᠷᠢᠭ ᠤᠨ ᠴᠡᠷᠢᠭ ᠠᠩᠭᠢ ᠶᠢᠨ ᠭᠤᠣᠯ ᠬᠦᠴᠦᠨ ᠪᠣᠭᠤᠮᠲᠠ ᠶᠢᠨ ᠳᠣᠲᠣᠷ᠎ᠠ ᠰᠢᠯᠵᠢᠨ ᠣᠴᠢᠵᠤ᠂ ᠭᠤᠤ ᠴᠢᠶᠤᠤ ᠬᠤᠶᠠᠷ ᠠᠩᠭᠢ ᠦᠯᠡᠳᠡᠵᠦ᠂ ᠨᠢᠩᠴᠧᠩ ᠤᠨ ᠠᠭᠤᠯᠠᠷᠬᠠᠭ ᠣᠷᠣᠨ ᠳᠤ ᠦᠷᠭᠦᠯᠵᠢᠯᠡᠨ ᠪᠠᠶᠢᠯᠳᠤᠵᠤ ᠪᠠᠶᠢᠪᠠ᠃ ᠤᠳᠠᠯ ᠦᠭᠡᠢ ᠨᠢᠩᠴᠧᠩ ᠤᠨ ᠶᠡᠭᠡ ᠵᠦᠩ ᠤᠨ ᠰᠢᠶᠤᠤ ᠵᠢᠩ ᠽᠢ ᠳᠤ ᠳᠠᠶᠢᠰᠤᠨ ᠤ ᠴᠡᠷᠢᠭ ᠲᠤ ᠪᠦᠰᠡᠯᠡᠭᠳᠡᠵᠡᠢ᠃ 3 ᠰᠠᠷ᠎ᠠ ᠶᠢᠨ 28 ᠤ ᠡᠳᠦᠷ ᠭᠤᠤ ᠴᠢᠶᠤᠤ ᠶᠢᠨ ᠴᠡᠷᠢᠭ ᠠᠩᠭᠢ ᠶᠢᠨ 22 ᠬᠥᠮᠦᠨ ᠬᠠᠭᠤᠴᠢᠨ ᠰᠠᠭᠤᠷᠢᠨ ᠭᠠᠵᠠᠷ ᠪᠤᠷᠭᠠᠰᠤᠲᠠᠢ ᠶᠢᠨ ᠯᠣᠣ ᠰᠢ ᠭᠧᠤ ᠳᠤ ᠠᠮᠠᠷᠠᠨ ᠴᠡᠭᠴᠡᠯᠡᠵᠦ ᠪᠠᠶᠢᠪᠠ᠂ ᠡᠨᠡ ᠦᠶ᠎ᠡ ᠳᠤ ᠭᠤᠤ ᠴᠢᠶᠤᠤ ᠨᠢᠭᠡᠨᠲᠡ ᠶᠠᠳᠠᠷᠠᠨ ᠵᠦᠳᠡᠷᠡᠵᠦ ᠡᠪᠡᠳᠴᠢᠨ ᠡᠮᠭᠡᠭ ᠲᠠᠢ ᠪᠣᠯᠵᠠᠢ᠃ 3 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠴᠠᠭᠳᠠᠭ᠎ᠠ ᠯᠢᠦ ᠴᠢ ᠶᠢᠨ ᠴᠡᠷᠢᠭ ᠯᠣᠣ ᠰᠢ ᠭᠧᠤ ᠶᠢ ᠪᠦᠰᠡᠯᠡᠵᠡᠢ᠃ ᠭᠤᠤ ᠴᠢᠶᠤᠤ ᠪᠦᠰᠡᠯᠡᠯᠲᠡ ᠶᠢ ᠰᠢᠪᠲᠤᠯᠬᠤ ᠵᠠᠷᠯᠢᠭ ᠪᠠᠭᠤᠯᠭᠠᠵᠤ᠂ ᠬᠡᠰᠡᠭ ᠬᠥᠮᠦᠨ ᠠᠭᠤᠯᠠ ᠶᠢ ᠳᠠᠪᠠᠵᠤ ᠦᠶ᠎ᠡ ᠳᠤ᠂ ᠲᠡᠷᠡ ᠲᠠᠬᠢᠨ ᠪᠣᠴᠠᠵᠤ ᠰᠤᠮᠤᠨ ᠳᠤ ᠣᠨᠣᠭᠳᠠᠭᠰᠠᠨ ᠪᠢᠴᠢᠭᠡᠴᠢ ᠸᠠᠩ ᠬᠠᠨ ᠰᠠᠨ ᠢ ᠠᠪᠤᠷᠠᠬᠤ ᠭᠡᠳ ᠵᠣᠯ ᠪᠤᠰᠤ ᠪᠠᠷ ᠥᠪᠡᠷ ᠢᠶᠠᠨ ᠪᠠᠰᠠ ᠰᠤᠮᠤᠨ ᠳᠤ ᠣᠨᠣᠭᠳᠠᠵᠤ ᠪᠡᠶ᠎ᠡ ᠦᠷᠡᠭᠳᠡᠵᠡᠶ᠂ ᠲᠤᠬᠠᠶ ᠶᠢᠨ ᠵᠢᠯ ᠭᠤᠴᠢᠨ ᠨᠠᠰᠤᠲᠠᠶ ᠪᠠᠶᠢᠪᠠ᠃ ᠳᠠᠶᠢᠰᠤᠨ ᠲᠡᠭᠦᠨ ᠤ ᠲᠣᠯᠣᠭᠠᠢ ᠶᠢ ᠴᠠᠪᠴᠢᠵᠤ᠂ ᠪᠤᠷᠬᠠᠨᠲᠤ ᠶᠢᠨ ᠴᠠᠭᠳᠠᠭᠠᠨ ᠤ ᠵᠠᠬᠢᠷᠭ᠎ᠠ ᠳᠤ ᠠᠪᠠᠴᠢᠵᠤ ᠭᠠᠪᠢᠶ᠎ᠠ ᠱᠠᠩᠨᠠᠯ ᠠᠪᠣᠭᠰᠠᠨ ᠪᠥᠭᠡᠳ ᠲᠣᠯᠣᠭᠠᠶ ᠶᠢ ᠨᠢ ᠲᠤᠮᠦ ᠠᠮᠠᠰᠠᠷᠲᠦ ᠯᠣᠩᠬᠤ ᠳᠣᠲᠣᠷ᠎ᠠ ᠬᠢᠵᠦ ᠫᠢᠩ ᠴᠢᠤᠸᠠᠨ᠂ ᠴᠧᠩᠳᠧ ᠵᠡᠷᠭᠡ ᠭᠠᠵᠠᠷ ᠲᠤ ︽ᠤᠯᠠᠨ ᠳᠤ ᠴᠡᠭᠡᠷ ᠪᠣᠯᠭᠠᠨ ᠦᠵᠡᠭᠦᠯᠪᠡ︾᠂ ᠪᠠᠰᠠ ᠰᠡᠭᠦᠳᠡᠷᠯᠡᠵᠦ ᠰᠣᠨᠢᠨ ᠳᠡᠭᠡᠷ᠎ᠡ ᠨᠡᠶᠢᠲᠡᠯᠡᠵᠦ ᠶᠡᠭᠡ ᠪᠠᠷ ᠤᠬᠠᠭᠤᠯᠵᠤ ᠪᠠᠶᠢᠵᠠᠢ᠃ 1945 ᠣᠨ ᠳᠤ ᠶᠠᠫᠣᠨ ᠪᠠᠭᠤᠵᠤ ᠥᠭᠭᠦᠭᠰᠡᠨ ᠤ ᠳᠠᠷᠠᠭ᠎ᠠ᠂ ᠤᠤᠯ ᠤᠨ ᠭᠤᠷᠪᠠᠳᠤᠭᠠᠷ ᠲᠣᠭᠤᠷᠢᠭ ᠤᠨ ᠤᠯᠤᠰ ᠲᠦᠷᠦ ᠶᠢᠨ ᠭᠡᠰᠢᠭᠦᠨ᠂ ᠷᠤᠾᠤ ᠮᠤᠵᠢ ᠶᠢᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠢᠦᠢ ᠮᠢᠨ ᠣᠯᠠᠨ ᠲᠦᠮᠡᠨ ᠤ ᠳᠡᠮᠵᠢᠯᠭᠡ ᠪᠠᠷ ᠭᠤᠤ ᠴᠢᠶᠤᠤ ᠶᠢᠨ ᠲᠣᠯᠣᠭᠠᠢ ᠶᠢ ᠡᠷᠢᠨ ᠣᠯᠵᠤ ᠬᠥᠮᠦᠨ ᠲᠣᠮᠢᠯᠠᠨ ᠲᠣᠯᠣᠭᠠᠢ ᠪᠡᠶ᠎ᠡ ᠶᠢ ᠨᠢ ᠬᠠᠮᠲᠤ ᠣᠷᠣᠰᠢᠭᠤᠯᠵᠤ᠂ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠤᠷᠬᠠᠨᠲᠤ ᠳᠤ ᠦᠪᠡᠳᠡᠭᠰᠢ ᠶᠡᠭᠡ ᠭᠠᠰᠢᠭᠤᠳᠠᠬᠤ ᠶᠡᠭᠡ ᠬᠤᠷᠠᠯ ᠬᠤᠷᠠᠯᠳᠤᠭᠤᠯᠪᠠ᠃ 1954 ᠣᠨ ᠳᠤ ᠬᠡᠭᠦᠷ ᠢ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠨ᠎ᠡ ᠰᠠᠭᠤᠴᠠ ᠲᠢᠶᠠᠨ ᠢ ᠪᠠᠯᠭᠠᠰᠤ ᠳᠤ ᠨᠡᠭᠦᠯᠭᠡᠵᠦ᠂ ᠭᠤᠤ ᠴᠢᠶᠤᠤ ᠳᠤ ᠪᠠᠭᠠᠲᠤᠷᠴᠤᠳ ᠤᠨ ᠣᠩᠭᠤᠨ ᠪᠠᠶᠢᠭᠤᠯᠤᠨ ᠥᠭᠴᠦ᠂ ᠭᠤᠤ ᠴᠢᠶᠤᠤ ᠪᠡᠶ᠎ᠡ ᠦᠷᠡᠭᠳᠡᠭᠰᠡᠨ ᠭᠠᠵᠠᠷ ᠢ ᠭᠤᠤ ᠴᠢᠶᠤᠤ ᠲᠣᠰᠬᠤᠨ ᠭᠡᠵᠦ ᠨᠡᠷᠡᠶᠢᠳᠪᠡ᠃   
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ