ᠦᠪᠤᠷ ᠮᠣᠩᠭᠤᠯ ᠤᠨ ᠬᠦᠯᠥᠨ ᠪᠤᠶᠢᠷ ᠬᠤᠳᠡ ᠶᠢᠨ ᠶᠠᠭᠰᠢ ᠬᠤᠳᠡ ᠶᠢᠨ ᠦᠨᠣᠷ ᠭᠤᠤᠯ ᠤᠨ ᠬᠤᠶᠢᠲᠤ ᠡᠷᠭᠢ ᠶᠢᠨ ᠮᠦᠩᠭᠦᠨ ᠤ ᠤᠯᠠᠨᠴᠢ ᠳᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠬᠦ ᠡᠷᠬᠡ ᠶᠢ ᠠᠭᠤᠷᠬᠠᠢ ᠮᠠᠯᠳᠠᠬᠤ ᠡᠷᠬᠡ ᠪᠤᠯᠭᠠᠨ ᠬᠤᠪᠢᠷᠠᠭᠤᠯᠬᠤ ᠲᠣᠬᠠᠢ ᠬᠦᠯᠥᠨ ᠪᠤᠶᠢᠷ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2025/3/24
        ᠬᠦᠯᠦᠨ ᠵᠠᠰᠠᠭ ᠦᠰᠦᠭ ︹2025︺ 4 ᠳ᠋ᠤᠭᠡᠷ ᠲᠣᠭᠠᠲᠤ   ᠶᠠᠭᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄      ᠲᠠᠨ ᠤ ᠬᠤᠲᠠ ᠶᠢᠨ ︽ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠦᠨᠦᠷ ᠭᠤᠤᠯ ᠤᠨ ᠬᠤᠶᠢᠲᠤ ᠡᠷᠭᠢ ᠶᠢᠨ ᠮᠦᠩᠭᠦᠨ ᠤ ᠤᠯᠠᠨᠴᠢ ᠲᠡᠮᠦᠷᠯᠢᠭ ᠤᠨ ᠠᠭᠤᠷᠬᠠᠶ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ ︾ ︵ᠶᠠᠭᠰᠢ ᠵᠠᠰᠠᠭ ᠲᠠᠷᠬᠠᠭᠠᠭᠰᠠᠨ ︹2020︺ 38 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠴᠤᠬᠤᠯᠠᠪᠤᠷᠢᠯᠠᠶ᠎ᠠ᠄      ᠨᠢᠭᠡ᠂ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠦᠨᠦᠷ ᠭᠤᠤᠯ ᠤᠨ ᠬᠤᠶᠢᠲᠤ ᠡᠷᠭᠢ ᠶᠢᠨ ᠮᠦᠩᠭᠦᠨ ᠤ ᠤᠯᠠᠨᠴᠢ ᠲᠡᠮᠦᠷᠯᠢᠭ ᠤᠨ ᠠᠭᠤᠷᠬᠠᠶ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠠᠭᠤᠷᠬᠠᠶ ᠶᠢᠨ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠲᠦᠷᠭᠡᠬᠡᠨ ᠭᠦᠢᠴᠡᠳᠬᠡᠨ᠎ᠡ᠃      ᠬᠤᠶᠠᠷ᠂ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠶᠢ ᠦᠨᠡᠨᠬᠦ ᠭᠦᠢᠴᠡᠳᠬᠡᠨ᠎ᠡ᠃     ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                       2025 ᠣᠨ ᠤ 1 ᠰᠠᠷ᠎ᠠ ᠶᠢᠨ 18 ᠤ ᠡᠳᠦᠷ     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ