ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠭᠰᠢ ᠬᠤᠲᠠ ᠶᠢᠨ ᠶᠠᠩ ᠼᠤᠤ ᠭᠸᠦ ᠶᠢᠨ ᠲᠤᠭᠤᠯᠭ᠎ᠠ ᠴᠠᠶᠢᠷ ᠮᠦᠩᠭᠦᠨ ᠤ ᠠᠭᠤᠷᠬᠠᠢ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/3/24
                            ᠬᠦᠯᠦᠨ ᠵᠠᠰᠠᠭ ᠦᠰᠦᠭ ︹2025︺ 3 ᠳ᠋ᠤᠭᠠᠷ ᠲᠣᠭᠠᠲᠤ ᠶᠠᠭᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄    ᠲᠠᠨ ᠤ ᠬᠤᠲᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠭᠰᠢ ᠬᠤᠲᠠ ᠶᠢᠨ ᠶᠠᠩ ᠼᠤᠤ ᠭᠧᠦ ᠶᠢᠨ ᠬᠠᠷ᠎ᠠ ᠲᠤᠭᠤᠯᠭ᠎ᠠ ᠴᠠᠶᠢᠷ ᠮᠥᠩᠭᠦᠨ ᠤ ᠠᠭᠤᠷᠬᠠᠶ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠶᠠᠭᠰᠢ ᠵᠠᠰᠠᠭ ᠲᠠᠷᠬᠠᠭᠠᠭᠰᠠᠨ ︹2020︺ 39 ᠳ᠋ᠦ᠋ᠭᠡᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠴᠤᠬᠤᠯᠠᠪᠤᠷᠢᠯᠠᠶ᠎ᠠ᠄    ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠭᠰᠢ ᠬᠤᠲᠠ ᠶᠢᠨ ᠶᠠᠩ ᠼᠤᠤ ᠭᠧᠦ ᠶᠢᠨ ᠬᠠᠷ᠎ᠠ ᠲᠤᠭᠤᠯᠭ᠎ᠠ ᠴᠠᠶᠢᠷ ᠮᠦᠩᠭᠦᠨ ᠤ ᠠᠭᠤᠷᠬᠠᠶ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠠᠭᠤᠷᠬᠠᠶ ᠶᠢᠨ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠲᠦᠷᠭᠡᠬᠡᠨ ᠭᠦᠢᠴᠡᠳᠬᠡᠨ᠎ᠡ᠃    ᠬᠤᠶᠠᠷ᠂ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠶᠢ ᠦᠨᠡᠨᠬᠦ ᠭᠦᠢᠴᠡᠳᠬᠡᠨ᠎ᠡ᠃ ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                  2025 ᠣᠨ ᠤ 1 ᠰᠠᠷ᠎ᠠ ᠶᠢᠨ 10 ᠤ ᠡᠳᠦᠷ     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ